ᠤᠳᠤ ᠶᠢᠨ ᠪᠠᠢ᠌ᠷᠢ᠄ ᠨᠠᠮ ᠤᠨ ᠪᠦᠳᠤᠭᠡᠨ ᠪᠠᠢ᠌ᠭᠤᠯᠤᠯᠳᠠ ᠶᠢᠨ ᠠᠵᠢᠯ → ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠤᠨ᠁
ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠪᠠᠢ᠌ᠭᠤᠯᠭ᠎ᠠ 《 ᠲᠤᠮᠳ᠋ᠠᠳ᠋ᠤ ᠤᠯᠤᠰ ᠤᠨ ᠡᠪ ᠬᠠᠮᠳ᠋ᠤ ᠨᠠᠮ ᠤᠨ ᠲᠡᠦᠬᠡ ᠶᠢᠨ ᠲᠤᠰᠬᠠᠢ ᠰᠡᠳ᠋ᠦᠪᠳ᠋ᠦ ᠲᠠᠢ᠌ᠯᠤᠮᠵᠢ》 ᠶᠢ ᠵᠤᠬᠢᠶᠠᠨ ᠪᠠᠢ᠌ᠭᠤᠯᠵᠤ ᠰᠤᠷᠤᠯᠴᠠᠪᠠ


        

     3 ᠰᠠᠷ᠎ᠠ ᠶᠢᠨ19 ᠤ ᠦᠳ᠋ᠡ ᠶᠢᠨ ᠬᠤᠢ᠌ᠨ᠎ᠠ᠂ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠪᠠᠢ᠌ᠭᠤᠯᠭ᠎ᠠ ᠶᠢᠨ ᠪᠦᠬᠦ ᠨᠠᠮ ᠤᠨ ᠭᠡᠰᠢ᠍ᠭᠦᠨ ᠺᠠᠳ᠋ᠷᠴᠤᠳ ᠲᠦ᠋ᠪ ᠬᠤᠷᠢ᠍ᠶᠠᠨ ᠤ ᠨᠠᠮ ᠤᠨ ᠰᠤᠷᠭᠠᠭᠤᠯᠢ (ᠤᠯᠤᠰ ᠤᠨ ᠵᠠᠰᠠᠭ ᠵᠠᠬᠢᠷᠭᠠᠨ ᠤ ᠲᠡᠭᠡᠳ᠋ᠦ ᠰᠤᠷᠭᠠᠭᠤᠯᠢ) ᠶᠢᠨ ᠲᠡᠳ᠋ ᠵᠠᠬᠢᠷᠤᠯ᠂ ᠫᠷᠦᠹᠸᠰᠰᠤᠷ ᠰᠢ᠍ᠶ‍ᠸ ᠴᠦ᠋ᠨ ᠲᠤᠤ ᠶᠢᠨ ᠶᠠᠷᠢ᠍ᠭᠰᠠᠨ 《 ᠲᠤᠮᠳ᠋ᠠᠳ᠋ᠤ ᠤᠯᠤᠰ ᠤᠨ ᠡᠪ ᠬᠠᠮᠳ᠋ᠤ ᠨᠠᠮ ᠤᠨ ᠲᠡᠦᠬᠡ ᠶᠢᠨ ᠲᠤᠰᠬᠠᠢ ᠰᠡᠳ᠋ᠦᠪᠳ᠋ᠦ ᠲᠠᠢ᠌ᠯᠤᠮᠵᠢ ᠶᠢᠨ ᠨᠢ᠍ᠭᠡᠳ᠋ᠦᠭᠡᠷ ᠶᠠᠷᠢ᠍ᠶ᠎ᠠ ᠄ ᠲᠤᠮᠳ᠋ᠠᠳ᠋ᠤ ᠤᠯᠤᠰ ᠤᠨ ᠡᠪ ᠬᠠᠮᠳ᠋ᠤ ᠨᠠᠮ ᠶᠠᠭᠤᠨ ᠤ ᠤᠴᠢ᠍ᠷ ᠡᠴᠡ 〈 ᠲᠡᠢ᠌ᠯᠬᠦ〉》 ᠭᠡᠬᠦ ᠲᠤᠤᠷ ᠰᠦ᠋ᠯᠵᠢ᠍ᠶᠡᠨ ᠤ ᠬᠢᠴᠢ᠍ᠶᠡᠯᠯᠡᠭᠡ ᠶᠢ ᠰᠤᠷᠤᠯᠴᠠᠪᠠ᠃

          
            ᠰᠢ᠍ᠶ‍ᠸ ᠴᠦ᠋ᠨ ᠲᠤᠤ ᠫᠷᠦᠹᠸᠰᠰᠤᠷ 《 ᠲᠤᠮᠳ᠋ᠠᠳ᠋ᠤ ᠤᠯᠤᠰ ᠤᠨ ᠡᠪ ᠬᠠᠮᠳ᠋ᠤ ᠨᠠᠮ ᠶᠠᠭᠤᠨ ᠤ ᠤᠴᠢ᠍ᠷ ᠡᠴᠡ 〈 ᠲᠡᠢ᠌ᠯᠬᠦ〉》 ᠶᠢᠨ ᠲᠤᠭᠤᠷᠢ᠍ᠨ ᠳᠤ᠂ ᠲᠤᠮᠳ᠋ᠠᠳ᠋ᠤ ᠤᠯᠤᠰ ᠤᠨ ᠡᠪ ᠬᠠᠮᠳ᠋ᠤ ᠨᠠᠮ ᠶᠠᠭᠠᠬᠢᠭᠠᠳ ᠰᠢ᠍ᠨ᠎ᠠ ᠲᠤᠮᠳ᠋ᠠᠳ᠋ᠤ ᠤᠯᠤᠰ ᠢ ᠪᠠᠢ᠌ᠭᠤᠯᠵᠤ ᠲᠠᠢ᠌ᠯᠦᠭ᠍ᠰᠨᠨ᠂ ᠲᠤᠮᠳ᠋ᠠᠳ᠋ᠤ ᠤᠯᠤᠰ ᠤᠨ ᠡᠪ ᠬᠠᠮᠳ᠋ᠤ ᠨᠠᠮ ᠶᠠᠭᠠᠬᠢᠭᠠᠳ ᠭᠤᠮᠢ᠍ᠨᠳ᠋ᠠᠩ ᠤᠨ ᠦᠯᠡᠳ᠋ᠡᠭᠡᠭ᠍ᠰᠨᠨ ᠶᠠᠷᠰᠢ᠍ᠭ ᠲᠦ᠋ᠪᠡᠭ᠌ ᠢ ᠠᠷᠢ᠍ᠯᠭᠠᠵᠤ ᠲᠡᠢ᠌ᠯᠦᠭ᠍ᠰᠡᠨ᠂ ᠲᠤᠮᠳ᠋ᠠᠳ᠋ᠤ ᠤᠯᠤᠰ ᠤᠨ ᠡᠪ ᠬᠠᠮᠳ᠋ᠤ ᠨᠠᠮ ᠶᠠᠭᠠᠬᠢᠭᠠᠳ ᠬᠦᠨᠳ᠋ᠦ ᠠᠯᠳ᠋ᠠᠭ᠎ᠠ ᠤᠰᠤᠯ ᠭᠠᠷᠭᠠᠵᠤ ᠦᠩᠭᠡᠷᠡᠭ᠍ᠰᠨᠨ ᠴᠦ ᠮᠦ᠋ᠨ ᠪᠠᠰᠠ ᠠᠷᠠᠳ ᠲᠦ᠋ᠮᠡᠨ ᠤ ᠲᠡᠮᠵᠢ᠍ᠯᠭᠡ ᠶᠢ ᠤᠯᠤᠭᠰᠨᠨ᠂ ᠲᠤᠮᠳ᠋ᠠᠳ᠋ᠤ ᠤᠯᠤᠰ ᠤᠨ ᠡᠪ ᠬᠠᠮᠳ᠋ᠤ ᠨᠠᠮ ᠶᠠᠭᠠᠬᠢᠭᠠᠳ ᠤᠳ᠋ᠤᠬᠢᠴᠢ᠍ᠯᠠᠯᠳ᠋ᠠ ᠶᠢᠨ ᠪᠦᠳ᠋ᠦᠭᠡᠨ ᠪᠠᠢ᠌ᠭᠤᠯᠤᠯᠳ᠋ᠠ ᠶᠢᠨ ᠯᠤᠳ᠋ᠤ ᠶᠡᠬᠡ ᠠᠮᠵᠢ᠍ᠯᠳ᠋ᠠ ᠶᠢ ᠤᠯᠤᠭᠰᠠᠨ ᠭᠡᠬᠦ ᠲᠦ᠋ᠷᠪᠡᠨ ᠠᠰᠠᠭᠤᠳ᠋ᠠᠯ ᠢ ᠭᠤᠤᠯᠳ᠋ᠠᠯᠭ᠎ᠠ ᠲᠡᠶ ᠲᠠᠢ᠌ᠯᠪᠤᠷᠢ᠍ᠯᠠᠪᠠ᠃ ᠰᠤᠷᠤᠯᠴᠠᠬᠤ ᠪᠠᠷ ᠲᠠᠮᠵᠢ᠍ᠨ᠂ ᠪᠦᠬᠦ ᠨᠠᠮ ᠤᠨ ᠭᠡᠰᠢ᠍ᠭᠦᠨ ᠺᠠᠳ᠋ᠷᠴᠤᠳ ᠲᠡᠦᠬᠡ ᠪᠤᠯ ᠬᠠᠮᠤᠭ ᠤᠨ ᠰᠠᠢ᠌ᠨ ᠪᠢᠴᠢ᠍ᠭ᠌ ᠮᠠᠲ᠋ᠸᠷᠢ᠍ᠶᠠᠯ ᠮᠦ᠋ᠨ ᠭᠡᠰᠡᠨ ᠢ ᠤᠯᠠᠮ ᠨᠢ᠍ᠭᠡ ᠠᠯᠬᠤᠮ ᠲᠠᠨᠢᠵᠤ᠂ ᠨᠠᠮ ᠤᠨ ᠲᠡᠦᠬᠡ ᠪᠤᠯ ᠦᠵᠡᠯ ᠰᠠᠨᠠᠭᠠᠨ ᠤ ᠡᠬᠢ ᠪᠠᠶᠠᠯᠢ᠍ᠭ ᠤᠨ ᠠᠭᠤᠯᠤᠭᠳ᠋ᠠᠬᠤᠨ᠂ ᠦᠢ᠍ᠯᠡᠳ᠋ᠦᠯᠭᠡ ᠶᠢᠨ ᠤᠶᠤᠨ ᠤ ᠢᠯᠡᠷᠡᠬᠦᠨ᠂ ᠨᠠᠨᠳ᠋ᠢ᠍ᠨ ᠲᠤᠷᠰᠢ᠍ᠯᠭ᠎ᠠ ᠶᠢᠨ ᠬᠤᠷᠠᠮᠳ᠋ᠤᠭᠤᠯᠤᠯ᠂ ᠵᠤᠷᠢ᠍ᠭ ᠰᠠᠨᠠᠭᠠᠨ ᠤ ᠡᠳ᠋ ᠪᠠᠶᠠᠯᠢ᠍ᠭ ᠤᠨ ᠤᠯᠠᠮᠵᠢ᠍ᠯᠠᠯ ᠮᠦ᠋ᠨ ᠭᠡᠳ᠋ᠡᠭ᠌ ᠢ ᠲᠠᠨᠢᠵᠤ ᠤᠯᠪᠠ᠃

        
           ᠬᠤᠷᠠᠯ ᠡᠴᠡ᠂ ᠪᠠᠢ᠌ᠭᠤᠯᠭ᠎ᠠ ᠶᠢᠨ ᠨᠠᠮ ᠤᠨ ᠭᠡᠰᠢ᠍ᠭᠦᠨ ᠺᠠᠳ᠋ᠷᠴᠤᠳ ᠪᠦᠬᠦ ᠨᠠᠮ ᠡᠴᠡ ᠦᠷᠨᠢᠭᠦᠯᠦᠭ᠍ᠰᠡᠨ ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢ᠍ᠯ ᠤᠨ ᠴᠢ᠍ᠬᠤᠯᠠ ᠠᠴᠢ ᠬᠤᠯᠪᠤᠭᠳ᠋ᠠᠯ ᠢ ᠭᠦᠨ ᠭᠦᠨᠵᠡᠭᠡᠢ ᠤᠢ᠌ᠯᠠᠭᠠᠵᠤ᠂ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠪᠤᠯ ᠨᠠᠮ ᠤᠨ ᠤᠳ᠋ᠤᠷᠢ᠍ᠳ᠋ᠤᠯᠭ᠎ᠠ ᠲᠤᠤᠷᠠᠬᠢ ᠤᠯᠤᠰ ᠲᠦ᠋ᠷᠦ ᠶᠢᠨ ᠪᠠᠢ᠌ᠭᠤᠯᠭ᠎ᠠ ᠭᠡᠬᠦ ᠲᠤᠭᠳ᠋ᠠᠴᠠ ᠶᠢ ᠪᠠᠳ᠋ᠤ ᠡᠵᠡᠮᠰᠢ᠍ᠨ᠂ ᠰᠤᠷᠤᠯᠴᠠᠯᠭ᠎ᠠ ᠬᠦᠮᠦᠵᠢ᠍ᠯ ᠲᠤᠮᠳ᠋ᠠ ᠡᠮᠦᠨ᠎ᠠ ᠨᠢ ᠭᠠᠪᠰᠢ᠍ᠭᠠᠢ᠌ᠯᠠᠵᠤ᠂ ᠦᠯᠢ᠍ᠭᠡᠷ ᠲᠠᠭᠤᠷᠢ᠍ᠶᠠᠯ ᠪᠤᠯᠬᠤ ᠶᠢ ᠪᠠᠷᠢ᠍ᠮᠳ᠋ᠠᠯᠠᠨ᠂ ᠦᠨᠳ᠋ᠦᠷ ᠴᠢ᠍ᠨᠰᠠᠭᠠᠳ᠋ᠤ ᠰᠤᠷᠤᠯᠴᠠᠯᠭ᠎ᠠ ᠬᠦᠮᠦᠵᠢ᠍ᠯ ᠤᠨ ᠡᠯ᠎ᠠ ᠲᠦ᠋ᠷᠦᠯ ᠤᠨ ᠡᠭᠦᠷᠭᠡ ᠶᠢ ᠪᠡᠶᠡᠯᠡᠭᠦᠯᠵᠦ᠂ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠪᠠᠢ᠌ᠭᠤᠯᠭ᠎ᠠ ᠶᠢᠨ ᠠᠵᠢ᠍ᠯ ᠤᠨ ᠦᠨᠳ᠋ᠦᠷ ᠴᠢ᠍ᠨᠰᠠᠭᠠᠳ᠋ᠤ ᠬᠦᠭ᠍ᠵᠢ᠍ᠯᠳ᠋ᠡ ᠶᠢ ᠲᠦ᠋ᠯᠬᠢᠨ ᠠᠬᠢᠭᠤᠯᠬᠤ ᠬᠡᠷᠡᠭ᠍ᠲᠠᠢ ᠭᠡᠵᠤ ᠴᠢ᠍ᠬᠤᠯᠠᠴᠢ᠍ᠯᠠᠪᠠ᠃ (ᠯᠸᠢ ᠫᠠᠩ)

ᠡᠮᠦᠨᠡᠬᠢ᠄ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠪᠠᠢᠭᠤᠯᠭ᠎ᠠ ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢ᠍ᠯ ᠤᠨ ᠲᠠᠢ᠌ᠴᠢ᠍ᠯᠠᠯᠳ᠋ᠠ ᠶᠢᠨ ᠬᠤᠷᠠᠯ ᠬᠤᠷᠠᠯᠳ᠋ᠤᠭᠤᠯᠪᠠ
ᠳᠠᠷᠠᠭᠠᠬᠢ᠄ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠪᠠᠢ᠌ᠭᠤᠯᠭ᠎ᠠ ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢ᠍ᠯ ᠢ ᠯᠠᠪᠳ᠋ᠠᠭᠤᠨ ᠪᠠᠳ᠋ᠤᠳ᠋ᠠᠢ ᠦᠷᠨᠢᠬᠦᠯᠵᠤ᠂ ᠰᠢ᠍ᠯᠢ᠍ᠳ᠋ᠡᠭ᠌ ᠬᠢᠷᠢ ᠪᠦᠳ᠋ᠦᠮᠵᠢ ᠪᠠᠷ ᠨᠠᠮ ᠪᠠᠢ᠌ᠭᠤᠯᠤᠭᠳ᠋ᠠᠭᠰᠠᠨ100 ᠵᠢᠯ ᠤᠨ ᠤᠢ ᠶᠢ ᠤᠭᠳ᠋ᠤᠶ᠎ᠠ