ᠤᠳᠤ ᠶᠢᠨ ᠪᠠᠢ᠌ᠷᠢ᠄ ᠴᠢᠬᠤᠯᠠ ᠮᠡᠳᠡᠭᠡ → ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠤᠨ᠁
ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠡᠷᠬᠢᠯᠡᠭ᠍ᠴᠢ ᠡᠦ ᠴᠢ᠍ᠩ ᠬᠠᠢ ᠯᠦ᠋ᠪᠸᠢ ᠪᠠᠯᠭᠠᠰᠤᠨ ᠤ ᠠᠵᠢ᠍ᠯ ᠢ ᠪᠠᠢ᠌ᠴᠠᠭᠠᠨ ᠵᠢᠯᠤᠭᠤᠳᠪᠠ


             


        

      3 ᠰᠠᠷ᠎ᠠ ᠶᠢᠨ23 ᠤ ᠡᠳ᠋ᠦᠷ᠂ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠡᠷᠬᠢᠯᠡᠭ᠍ᠴᠢ ᠡᠦ ᠴᠢ᠍ᠩ ᠬᠠᠢ ᠯᠦ᠋ᠪᠸᠢ ᠪᠠᠯᠭᠠᠰᠤᠨ ᠳᠤ ᠬᠦᠷᠴᠦ ᠦᠨᠳ᠋ᠦᠰᠦᠨ ᠱᠠᠳ᠋ᠤᠨ ᠤ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠠᠵᠢ᠍ᠯ ᠢ ᠪᠠᠢ᠌ᠴᠠᠭᠠᠨ ᠵᠢᠯᠤᠭᠤᠳᠴᠦ᠂ ᠯᠦ᠋ᠪᠸᠢ ᠪᠠᠯᠭᠠᠰᠤᠨ ᠤ ᠭᠤᠤᠯ ᠬᠠᠷᠢ᠍ᠭᠤᠴᠠᠯᠭᠠᠳ᠋ᠠᠨ ᠪᠠᠷ᠎ᠠ ᠪᠤᠯᠤᠨ ᠪᠠᠢ᠌ᠴᠠᠭᠠᠪᠠ᠃ ᠰᠠᠭᠤᠳ᠋ᠠᠯ ᠤᠨ ᠬᠤᠷᠠᠯ ᠬᠤᠷᠠᠯᠳ᠋ᠤᠭᠤᠯᠬᠤ᠂ ᠠᠵᠢ᠍ᠯ ᠤᠨ ᠪᠠᠢ᠌ᠳ᠋ᠠᠯ ᠤᠨ ᠲᠠᠨᠢᠴᠠᠭᠤᠯᠭ᠎᠎᠌᠋᠋ ᠎ᠠ ᠶᠢ ᠰᠤᠨᠤᠰᠬᠤ᠂ ᠲᠤᠬᠠᠢ ᠶᠢᠨ ᠲᠠᠯᠠᠪᠠᠢ ᠳ᠋ᠦ ᠠᠰᠠᠭᠤᠨ ᠪᠠᠢ᠌ᠴᠠᠭᠠᠨ ᠦᠵᠡᠬᠦ ᠵᠡᠷᠭᠡ ᠬᠡᠯᠪᠡᠷᠢ ᠪᠠᠷ ᠲᠠᠮᠵᠢ᠍ᠨ᠂ ᠯᠦ᠋ᠪᠸᠢ ᠪᠠᠯᠭᠠᠰᠤᠨ ᠤ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠠᠵᠢ᠍ᠯ ᠦᠷᠨᠢᠭᠦᠯᠦᠭ᠍ᠰᠡᠨ ᠪᠠᠢ᠌ᠳ᠋ᠠᠯ ᠵᠢᠴᠢ ᠬᠦᠳ᠋ᠡᠭᠡ ᠲᠤᠰᠬᠤᠨ ᠢ ᠬᠦᠭ᠍ᠵᠢ᠍ᠬᠦᠯᠦᠨ ᠮᠠᠨᠳ᠋ᠤᠭᠤᠯᠬᠤ᠂ ᠭᠠᠴᠠᠭ᠎ᠠ ᠲᠤᠰᠬᠤᠨ ᠤ ᠬᠠᠮᠳ᠋ᠤ ᠶᠢᠨ ᠠᠵᠦ ᠠᠬᠤᠢ ᠶᠢᠨ ᠬᠦᠭ᠍ᠵᠢ᠍ᠯᠳ᠋ᠡ᠂ ᠬᠦᠮᠦᠨ ᠤᠷᠤᠨ ᠰᠠᠭᠤᠴᠠ ᠶᠢᠨ ᠤᠷᠴᠢ᠍ᠨ ᠲᠤᠭᠤᠷᠢ᠍ᠨ ᠤ ᠵᠠᠰᠠᠯᠳ᠋ᠠ᠂ ᠲᠤᠭᠲᠠᠭᠤᠨ ᠶᠢᠡᠷ ᠠᠵᠢ᠍ᠯ ᠤᠯᠭᠤᠬᠤ᠂ ᠬᠠᠪᠤᠷ ᠤᠨ ᠲᠠᠷᠢ᠍ᠶᠠᠯᠠᠭ᠎ᠠ ᠶᠢᠨ ᠪᠡᠯᠡᠳᠭᠡᠯ ᠠᠵᠢᠯ ᠪᠠ ᠬᠠᠪᠤᠷ ᠤᠨ ᠤᠯᠠᠷᠢ᠍ᠯ ᠤᠨ ᠭᠠᠯ ᠰᠡᠷᠭᠡᠢ᠌ᠯᠡᠬᠦ᠂ ᠰᠤᠷᠭᠠᠭᠤᠯᠢ ᠶᠢᠨ ᠪᠦᠳ᠋ᠦᠭᠡᠨ ᠪᠠᠢ᠌ᠭᠤᠯᠤᠯᠳ᠋ᠠ ᠵᠡᠷᠭᠡ ᠠᠵᠢ᠍ᠯ ᠤᠨ ᠪᠠᠢ᠌ᠳ᠋ᠠᠯ ᠢ ᠨᠠᠷᠢ᠍ᠨ ᠨᠢ᠍ᠭᠳ᠋ᠠ ᠤᠢ᠌ᠯᠠᠭᠠᠬᠤ ᠶᠢᠨ ᠬᠠᠮᠳ᠋ᠤ ᠪᠤᠳ᠋ᠠᠳ᠋ᠠᠢ ᠰᠠᠨᠠᠯ ᠰᠠᠨᠠᠭᠤᠯᠭ᠎ᠠ ᠲᠤᠷᠠᠳ᠋ᠤᠭᠰᠠᠨ ᠪᠠᠢ᠌ᠨ᠎ᠠ᠃

        
            ᠡᠦ ᠴᠢ᠍ᠩ ᠬᠠᠢ ᠡᠴᠡ᠂ ᠠᠷᠠᠳ ᠤᠨ ᠲᠦ᠋ᠯᠦᠭᠡᠯᠡᠭ᠍ᠴᠢ᠍ᠳ ᠤᠨ ᠠᠵᠢ᠍ᠯ ᠪᠠᠰᠠ ᠴᠠᠭ ᠡᠷᠢ᠍ᠨ ᠤ ᠠᠯᠬᠤᠴᠠ ᠶᠢ ᠲᠠᠭᠠᠵᠤ᠂ ᠴᠠᠭ ᠡᠷᠢ᠍ᠨ ᠤ ᠱᠠᠭᠠᠷᠳ᠋ᠠᠯᠭ᠎ᠠ ᠳᠤ ᠵᠤᠬᠢᠴᠠᠨ᠂ ᠤᠨᠴᠠᠭᠠᠢ᠌ᠯᠠᠨ ᠬᠠᠮᠢ᠍ᠶᠠᠷᠤᠯᠳ᠋ᠠ ᠶᠢᠨ ᠬᠡᠯᠪᠡᠷᠢ ᠪᠠᠨ ᠰᠠᠢ᠌ᠵᠢ᠍ᠷᠠᠭᠤᠯᠵᠤ᠂ ᠰᠢ᠍ᠨ᠎ᠠ ᠠᠵᠢ᠍ᠯ ᠤᠨ ᠰᠡᠳᠭᠢᠮᠵᠢ ᠶᠢ ᠡᠬᠦᠳ᠋ᠤᠨ᠂ ᠠᠷᠠᠳ ᠤᠨ ᠲᠦ᠋ᠯᠦᠭᠡᠯᠡᠭ᠍ᠴᠢ᠍ᠳ ᠤᠨ ᠬᠠᠦᠯᠢ ᠶᠤᠰᠤᠭᠠᠷ ᠲᠤᠰᠢ᠍ᠶᠠᠯ ᠶᠢᠡᠨ ᠭᠦᠢ᠍ᠴᠡᠳᠭᠡᠬᠦ ᠲᠤᠮᠳ᠋ᠠᠬᠢ ᠢᠳ᠋ᠡᠪᠬᠢᠳ᠋ᠦ ᠴᠢ᠍ᠨᠠᠷ ᠪᠠ ᠰᠠᠭᠠᠴᠢ᠍ᠯᠭᠠᠳ᠋ᠤ ᠴᠢ᠍ᠨᠠᠷ ᠢ ᠤᠷᠮᠠᠰᠢ᠍ᠭᠤᠯᠵᠤ᠂ ᠠᠷᠠᠳ ᠤᠨ ᠲᠦ᠋ᠯᠦᠭᠡᠯᠡᠭ᠍ᠴᠢ᠍ᠳ ᠭᠡᠬᠦ ᠡᠨᠡᠬᠦ ᠬᠠᠮᠳ᠋ᠦᠯᠢ᠍ᠭ ᠢ ᠬᠦᠢ᠍ᠴᠠᠳ ᠠᠰᠢ᠍ᠭᠯᠠᠨ᠂ ᠠᠷᠠᠳ ᠤᠨ ᠲᠦ᠋ᠯᠦᠭᠡᠯᠡᠭ᠍ᠴᠢ᠍ᠳ ᠤᠨ ᠡᠬᠢ ᠪᠠᠶᠠᠯᠢ᠍ᠭ ᠢ ᠬᠦᠳ᠋ᠡᠯᠭᠡᠵᠦ᠂ ᠬᠦᠨᠳ᠋ᠦ ᠴᠢ᠍ᠬᠤᠯᠠ ᠰᠢ᠌ᠳᠪᠦᠷᠢ ᠲᠤᠬᠢᠷᠠᠭᠤᠯᠤᠯᠳ᠋ᠠ ᠶᠢ ᠲᠤᠭᠤᠰᠢ᠍ᠯᠠᠭᠤᠯᠤᠨ ᠬᠡᠷᠡᠭ᠍ᠵᠢ᠍ᠭᠦᠯᠬᠦ᠂ ᠵᠠᠬᠢᠳ᠋ᠠᠯ ᠰᠤᠷᠪᠤᠯᠵᠢ᠍ᠯᠠᠭ᠎ᠠ ᠪᠠ ᠲᠤᠭᠳ᠋ᠠᠭᠤᠨ ᠢ ᠬᠠᠮᠠᠭᠠᠯᠠᠬᠤ ᠳᠤ ᠤᠷᠤᠯᠴᠠᠬᠤ᠂ ᠬᠦᠳ᠋ᠡᠭᠡ ᠲᠤᠰᠬᠤᠨ ᠤ ᠬᠦᠴᠢ᠍ᠷ ᠲᠦ᠋ᠪᠡᠭ᠌ ᠲᠡᠶ ᠠᠰᠠᠭᠤᠳ᠋ᠠᠯ ᠢ ᠰᠡᠢ᠍ᠳᠪᠦᠷᠢ᠍ᠯᠡᠬᠦ᠂ ᠦᠨᠳ᠋ᠦᠰᠦᠳ᠋ᠡᠨ ᠤ ᠪᠦᠯᠬᠦᠮᠳ᠋ᠡᠯ ᠢ ᠠᠬᠢᠭᠤᠯᠬᠤ᠂ ᠤᠯᠤᠰ ᠤᠨ ᠨᠢ᠍ᠭᠡᠳ᠋ᠦᠯᠲᠠᠢ ᠨᠠᠢ᠌ᠷᠠᠭᠤᠯᠤᠭᠰᠠᠨ ᠵᠢᠭᠠᠬᠤ ᠮᠠᠲ᠋ᠸᠷᠢ᠍ᠶᠠᠯ ᠢ ᠲᠦ᠋ᠭᠡᠮᠡᠯᠵᠢ᠍ᠭᠦᠯᠬᠦ᠂ ᠲᠤᠮᠳ᠋ᠠᠳ᠋ᠤ ᠶᠢᠨ ᠦᠨᠳ᠋ᠤᠰᠤᠳ᠋ᠠᠨ ᠤ ᠬᠠᠮᠳ᠋ᠤ ᠶᠢᠨ ᠴᠤᠭᠴᠠ ᠶᠢᠨ ᠦᠵᠡᠯ ᠤᠬᠠᠮᠰᠡᠷ ᠢ ᠪᠠᠳ᠋ᠤ ᠴᠤᠭᠴᠠᠯᠠᠬᠤ ᠵᠡᠷᠭᠡ ᠠᠵᠢ᠍ᠯ ᠲᠤᠮᠳ᠋ᠠ ᠲᠠᠳ᠋ᠡᠨ ᠤ ᠬᠤᠰᠢ᠍ᠭᠤᠴᠢ ᠲᠠᠭᠤᠷᠢ᠍ᠶᠠᠯ ᠤᠢ᠌ᠯᠡᠳ᠋ᠤᠯ ᠢ ᠰᠠᠢ᠌ᠳ᠋ᠤᠷ ᠪᠠᠳ᠋ᠠᠷᠠᠭᠤᠯᠵᠤ᠂ ᠲᠡᠳ᠋ᠡᠨ ᠢ ᠤᠯᠤᠰ ᠲᠦ᠋ᠷᠦ ᠶᠢᠨ ᠲᠠᠯ᠎ᠠ ᠪᠠᠷ ᠦᠯᠢ᠍ᠭᠡᠷ ᠲᠠᠭᠤᠷᠢ᠍ᠶᠠᠯ ᠤᠨ ᠦᠢ᠍ᠯᠡᠳ᠋ᠦᠯ ᠦᠵᠡᠬᠦᠯᠤᠨ᠂ ᠠᠵᠤ ᠠᠬᠤᠢ ᠲᠡᠭᠡᠷ᠎ᠠ ᠲᠠᠭᠠᠭᠤᠯᠤᠭᠴᠢ ᠦᠢ᠍ᠯᠡᠳ᠋ᠦᠯ ᠦᠵᠡᠭᠦᠯᠵᠦ᠂ ᠦᠨᠳ᠋ᠦᠰᠦᠳ᠋ᠡᠨ ᠤ ᠪᠦᠯᠬᠦᠮᠳ᠋ᠡᠯ ᠤᠨ ᠠᠵᠢ᠍ᠯ ᠲᠡᠭᠡᠷ᠎ᠠ ᠬᠤᠰᠢ᠍ᠭᠤᠴᠢ ᠵᠢᠱᠢ᠍ᠶᠡᠴᠢ ᠶᠢᠨ ᠦᠢ᠍ᠯᠡᠳ᠋ᠦᠯ ᠦᠵᠡᠭᠦᠯᠬᠦ ᠬᠡᠷᠡᠭ᠍ᠳ᠋ᠠᠢ ᠴᠢ᠍ᠬᠤᠯᠠᠴᠢ᠍ᠯᠠᠵᠠᠢ᠃

        
             ᠡᠦ ᠴᠢ᠍ᠩ ᠬᠠᠢ ᠪᠠᠰᠠ ᠤᠳ᠋ᠤᠬᠠᠨ ᠤ ᠬᠠᠪᠤᠷ ᠤᠨ ᠤᠯᠠᠷᠢ᠍ᠯ ᠤᠨ ᠭᠠᠯ ᠢ ᠰᠡᠷᠭᠡᠢ᠌ᠯᠡᠵᠦ ᠭᠠᠮᠰᠢ᠍ᠭ ᠢ ᠪᠠᠭᠠᠰᠬᠠᠬᠤ᠂ ᠬᠠᠪᠤᠷ ᠤᠨ ᠲᠠᠷᠢ᠍ᠶᠠᠯᠠᠭ᠎ᠠ ᠶᠢᠨ ᠪᠡᠯᠡᠳᠭᠡᠯ ᠠᠵᠢ᠍ᠯ᠂ ᠪᠤᠷᠤᠭᠠᠨ ᠤ ᠤᠯᠠᠷᠢ᠍ᠯ ᠤᠨ ᠦᠶᠡᠷ ᠤᠰᠤᠳ᠋ᠤᠯ ᠢ ᠰᠡᠷᠭᠡᠢ᠌ᠯᠡᠬᠦ᠂ ᠰᠤᠶᠤᠯ ᠵᠢᠭᠤᠯᠴᠢ᠍ᠯᠠᠯ ᠤᠨ ᠬᠦᠭ᠍ᠵᠢ᠍ᠯᠳ᠋ᠡ᠂ ᠲᠠᠷᠢ᠍ᠶᠠᠯᠠᠩ ᠤᠨ ᠪᠦᠳ᠋ᠦᠴᠡ ᠶᠢᠨ ᠲᠤᠬᠢᠷᠠᠭᠤᠯᠤᠯᠳ᠋ᠠ᠂ ᠠᠵᠢ᠍ᠯ ᠤᠯᠭᠤᠯᠳ᠋ᠠ ᠶᠢᠨ ᠪᠤᠯᠪᠠᠰᠤᠷᠠᠯ ᠵᠢᠴᠢ ᠶᠠᠳ᠋ᠠᠭᠤ ᠶᠢ ᠲᠡᠳᠬᠦᠭ᠍ᠰᠡᠡ ᠦᠷ᠎ᠠ ᠪᠦᠳ᠋ᠤᠭᠡᠯ ᠪᠠ ᠬᠦᠳ᠋ᠡᠭᠡ ᠲᠤᠰᠬᠤᠨ ᠢ ᠬᠦᠭ᠍ᠵᠢ᠍ᠬᠦᠯᠦᠨ ᠮᠠᠨᠳ᠋ᠤᠭᠤᠯᠬᠤ ᠲᠡᠶ ᠪᠦᠳ᠋ᠦᠮᠵᠢ᠍ᠲᠠᠢ ᠵᠤᠯᠭᠠᠭᠤᠯᠬᠤ ᠵᠡᠷᠭᠡ ᠲᠠᠯ᠎ᠠ ᠪᠠᠷ ᠪᠤᠳ᠋ᠠᠳ᠋ᠠᠢ ᠱᠠᠭᠠᠷᠳ᠋ᠠᠯᠭ᠎ᠠ ᠲᠤᠷᠠᠳ᠋ᠤᠪᠠ᠃(ᠯᠸᠢ ᠫᠠᠩ)


ᠡᠮᠦᠨᠡᠬᠢ᠄ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠪᠠᠢ᠌ᠭᠤᠯᠭ᠎ᠠ ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢ᠍ᠯ ᠢ ᠯᠠᠪᠳ᠋ᠠᠭᠤᠨ ᠪᠠᠳ᠋ᠤᠳ᠋ᠠᠢ ᠦᠷᠨᠢᠬᠦᠯᠵᠤ᠂ ᠰᠢ᠍ᠯᠢ᠍ᠳ᠋ᠡᠭ᠌ ᠬᠢᠷᠢ ᠪᠦᠳ᠋ᠦᠮᠵᠢ ᠪᠠᠷ ᠨᠠᠮ ᠪᠠᠢ᠌ᠭᠤᠯᠤᠭᠳ᠋ᠠᠭᠰᠠᠨ100 ᠵᠢᠯ ᠤᠨ ᠤᠢ ᠶᠢ ᠤᠭᠳ᠋ᠤᠶ᠎ᠠ
ᠳᠠᠷᠠᠭᠠᠬᠢ᠄ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠡᠷᠬᠢᠯᠡᠭ᠍ᠴᠢ ᠡᠦ ᠴᠢ᠍ᠩ ᠬᠠᠢ ᠲᠤᠯᠤᠳ᠋ᠤ ᠰᠤᠮᠤᠨ ᠳᠤ ᠪᠠᠢ᠌ᠴᠠᠭᠠᠯᠳ᠋ᠠ ᠦᠷᠨᠢᠭᠦᠯᠪᠡ