ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠡᠷᠬᠢᠯᠡᠭ᠍ᠴᠢ ᠡᠦ ᠴᠢ᠍ᠩ ᠬᠠᠢ ᠲᠤᠯᠤᠳ᠋ᠤ ᠰᠤᠮᠤᠨ ᠳᠤ ᠪᠠᠢ᠌ᠴᠠᠭᠠᠯᠳ᠋ᠠ ᠦᠷᠨᠢᠭᠦᠯᠪᠡ


3 ᠰᠠᠷ᠎ᠠ ᠶᠢᠨ 24 ᠤ ᠡᠳ᠋ᠦᠷ᠂ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠡᠷᠬᠢᠯᠡᠭ᠍ᠴᠢ ᠡᠦ ᠴᠢ᠍ᠩ ᠬᠠᠢ ᠲᠤᠯᠤᠳ᠋ᠤ ᠰᠤᠮᠤᠨ ᠳᠤ ᠬᠦᠷᠴᠦ ᠠᠷᠠᠳ ᠤᠨ ᠲᠦ᠋ᠯᠤᠭᠡᠯᠡᠭ᠍ᠴᠢ ᠶᠢᠨ ᠲᠤᠰᠢ᠍ᠶᠠᠯ ᠶᠢᠡᠨ ᠭᠦᠢ᠍ᠴᠡᠳᠭᠡᠭ᠍ᠰᠡᠨ ᠪᠠᠢ᠌ᠳ᠋ᠠᠯ ᠵᠢᠴᠢ ᠤᠳ᠋ᠤ ᠦᠶ᠎ᠠ ᠶᠢᠨ ᠮᠠᠯ ᠠᠵᠤ ᠠᠬᠤᠢ᠂ ᠬᠦᠳ᠋ᠡᠭᠡ ᠲᠤᠰᠬᠤᠨ ᠤ ᠬᠦᠭ᠍ᠵᠢ᠍ᠯᠳ᠋ᠡ ᠮᠠᠨᠳ᠋ᠤᠯᠳ᠋ᠠ᠂ ᠦᠨᠳ᠋ᠦᠰᠦᠳ᠋ᠡᠨ ᠤ ᠪᠦᠯᠬᠦᠮᠳ᠋ᠡᠯ ᠢ ᠲᠦ᠋ᠯᠬᠢᠨ ᠠᠬᠢᠭᠤᠯᠬᠤ ᠵᠡᠷᠭᠡ ᠭᠤᠤᠯᠳ᠋ᠠᠯᠭ᠎ᠠ ᠲᠡᠶ ᠠᠵᠢ᠍ᠯ ᠢ ᠪᠠᠢ᠌ᠴᠠᠭᠠᠪᠠ᠃


ᠲᠤᠯᠤᠳ᠋ᠤ ᠰᠤᠮᠤ ᠶᠢᠨ ᠬᠤᠶᠠᠷᠬᠤᠸᠠ ᠭᠠᠴᠠᠭ᠎ᠠ ᠳᠤ ᠪᠠᠢ᠌ᠴᠠᠭᠠᠨ ᠰᠤᠳ᠋ᠤᠯᠤᠯᠳ᠋ᠠ ᠬᠢᠬᠦ ᠦᠶ᠎ᠠ ᠳ᠋ᠡᠬᠡᠨ᠂ ᠡᠦ ᠴᠢ᠍ᠩ ᠬᠠᠢ ᠡᠴᠡ ᠰᠤᠮᠤ ᠪᠠ ᠭᠠᠴᠠᠭ᠎ᠠ ᠶᠢᠨ ᠭᠤᠤᠯ ᠬᠠᠷᠢ᠍ᠭᠤᠴᠠᠯᠭᠠᠳ᠋ᠠᠨ᠂ ᠬᠤᠰᠢ᠍ᠭᠤᠨ ᠱᠠᠳ᠋ᠤᠨ ᠤ ᠠᠷᠠᠳ ᠤᠨ ᠲᠦ᠋ᠯᠤᠭᠡᠯᠡᠭ᠍ᠴᠢ ᠶᠢᠨ ᠠᠵᠢ᠍ᠯ ᠦᠷᠨᠢᠭᠦᠯᠦᠭ᠍ᠰᠡᠨ ᠪᠠᠢ᠌ᠳ᠋ᠠᠯ ᠤᠨ ᠲᠠᠨᠢᠯᠴᠠᠭᠤᠯᠭ᠋ ᠠ ᠶᠢ ᠨᠠᠷᠢ᠍ᠨ ᠬᠢᠨᠠᠮᠠᠭᠠᠢ ᠰᠤᠨᠤᠰᠬᠤ ᠶᠢᠨ ᠬᠠᠮᠳ᠋ᠤ᠂ ᠮᠠᠯᠴᠢ᠍ᠳ ᠲᠡᠶ ᠲᠤᠳ᠋ᠤᠨᠤᠰᠤᠭ ᠶᠠᠷᠢ᠍ᠯᠴᠡᠨ᠂ ᠲᠠᠳ᠋ᠡᠨ ᠤ ᠰᠠᠢ᠌ᠨ ᠡᠭᠦᠯᠳ᠋ᠡᠷ ᠮᠠᠯ ᠦᠷᠡᠵᠢ᠍ᠭᠦᠯᠬᠦ᠂ ᠬᠠᠰᠢ᠍ᠶ᠎ᠠ ᠰᠠᠷᠠᠪᠴᠢ ᠶᠢᠨ ᠪᠦᠳ᠋ᠦᠭᠡᠨ ᠪᠠᠢ᠌ᠭᠤᠯᠤᠯᠳ᠋ᠠ᠂ ᠡᠪᠡᠰᠦ ᠪᠤᠷᠳ᠋ᠤᠭ᠎ᠠ ᠶᠢᠨ ᠬᠠᠩᠭ᠋ᠠᠯᠠᠭᠠ ᠵᠡᠷᠭᠡ ᠤᠳ᠋ᠤ ᠦᠶ᠎ᠠ ᠶᠢᠨ ᠮᠠᠯ ᠠᠵᠤ ᠠᠬᠤᠢ ᠶᠢᠨ ᠪᠦᠳ᠋ᠦᠭᠡᠨ ᠪᠠᠢ᠌ᠭᠤᠯᠯᠳ᠋ᠠ ᠶᠢᠨ ᠡᠯ᠎ᠠ ᠵᠤᠢ᠌ᠯ ᠤᠨ ᠢᠵᠢ ᠲᠦ᠋ᠬᠦᠭᠡᠷᠤᠮᠵᠢ ᠶᠢᠨ ᠨᠠᠢ᠌ᠳ᠋ᠠᠪᠤᠷᠢ᠍ᠵᠢ᠍ᠭᠤᠯᠤᠭᠰᠠᠨ ᠪᠠᠢ᠌ᠳ᠋ᠠᠯ ᠢ ᠨᠠᠷᠢ᠍ᠨ ᠨᠢ᠍ᠭᠳ᠋ᠠ ᠤᠢ᠌ᠯᠠᠭᠠᠪᠠ᠃


ᠡᠦ ᠴᠢ᠍ᠩ ᠬᠠᠢ ᠬᠤᠰᠢ᠍ᠭᠤᠨ ᠱᠠᠳ᠋ᠤᠨ ᠤ ᠠᠷᠠᠳ ᠤᠨ ᠲᠦ᠋ᠯᠦᠭᠡᠯᠡᠭ᠍ᠴᠢ ᠬᠦᠭ᠍ᠵᠢ᠍ᠬᠦ ᠲᠡᠶ ᠶᠠᠷᠢ᠍ᠯᠴᠠᠬᠤ ᠳᠠᠭᠠᠨ᠂ ᠠᠷᠠᠳ ᠤᠨ ᠲᠦ᠋ᠯᠦᠭᠡᠯᠡᠭ᠍ᠴᠢ ᠪᠤᠯᠤᠭᠰᠨᠨ ᠤ ᠬᠤᠪᠢ ᠳᠤ ᠪᠦᠬᠦ ᠲᠠᠯ᠎ᠠ ᠶᠢ ᠬᠠᠯᠠᠮᠵᠢ᠍ᠯᠠᠨ᠂ ᠠᠷᠠᠳ ᠤᠨ ᠠᠮᠢ᠍ᠳ᠋ᠤᠷᠠᠯ ᠢ ᠠᠩᠬᠠᠷᠴᠦ᠂ ᠠᠷᠠᠳ ᠤᠨ ᠰᠠᠨᠠᠯ ᠢ ᠲᠤᠰᠬᠠᠨ᠂ ᠠᠷᠠᠳ ᠲᠦ᠋ᠮᠡᠨ ᠳᠤ ᠰᠠᠢ᠌ᠨ ᠶᠠᠪᠤᠳ᠋ᠠᠯ ᠪᠤᠳ᠋ᠠᠳ᠋ᠤ ᠶᠠᠪᠤᠳ᠋ᠠᠯ ᠢ ᠢᠯᠡᠬᠦᠭᠡᠨ ᠬᠢᠬᠦ ᠭᠡᠷᠡᠭ᠍ᠳ᠋ᠡᠢ᠃ ᠠᠷᠠᠳ ᠤᠨ ᠲᠦ᠋ᠯᠤᠭᠡᠯᠡᠭ᠍ᠴᠢ ᠶᠢᠨ ᠬᠤᠰᠢ᠍ᠭᠤᠴᠢ ᠲᠠᠭᠤᠷᠢ᠍ᠶᠠᠯ ᠦᠢ᠍ᠯᠡᠳ᠋ᠦᠯ ᠶᠢᠠᠨ ᠭᠦᠢ᠍ᠴᠡᠳ ᠪᠠᠳ᠋ᠠᠷᠠᠭᠤᠯᠵᠤ᠂ ᠨᠠᠮ ᠤᠨ ᠲᠦ᠋ᠪ ᠬᠤᠷᠢ᠍ᠶᠠᠨ ᠤ ᠰᠢ᠌ᠳᠪᠤᠷᠢ᠍ᠳ᠋ᠤ ᠪᠤᠳ᠋ᠤᠯᠭ᠎ᠠ ᠶᠢᠨ ᠪᠠᠢ᠌ᠷᠢ᠍ᠯᠠᠭᠤᠯᠤᠯᠳ᠋ᠠ ᠶᠢ ᠨᠠᠢ᠌ᠳ᠋ᠠᠪᠤᠷᠢ᠍ᠵᠢ᠍ᠭᠤᠯᠬᠤ᠂ ᠦᠨᠳ᠋ᠤᠰᠤᠳ᠋ᠠᠨ ᠤ ᠪᠦᠯᠬᠦᠮᠳ᠋ᠠᠯ ᠢ ᠠᠬᠢᠭᠤᠯᠬᠤ ᠪᠠ ᠤᠯᠠᠨ ᠲᠦ᠋ᠮᠡᠨ ᠦ ᠤᠷᠤᠯᠭ᠎ᠠ ᠶᠢ ᠨᠡᠮᠡᠭ᠍ᠳ᠋ᠡᠬᠦᠯᠦᠨ ᠪᠠᠶᠠᠵᠢ᠍ᠭᠤᠯᠬᠤ ᠲᠠᠭᠠᠭᠤᠯᠤᠭᠴᠢ ᠪᠤᠯᠬᠤ ᠭᠡᠷᠡᠭ᠍ᠳ᠋ᠡᠢ ᠭᠡᠵᠤ ᠴᠢ᠍ᠬᠤᠯᠠᠴᠢ᠍ᠯᠠᠪᠠ᠃(ᠯᠸᠢ ᠫᠠᠩ)