ᠤᠳᠤ ᠶᠢᠨ ᠪᠠᠢ᠌ᠷᠢ᠄ ᠴᠢᠬᠤᠯᠠ ᠮᠡᠳᠡᠭᠡ → ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠤᠨ᠁
ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠪᠠᠢ᠌ᠭᠤᠯᠭ᠎ᠠ《 ᠵᠠᠷᠤᠳ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠤᠨ ᠶᠡᠭᠡ ᠬᠤᠷᠠᠯ ᠤᠨ ᠤᠢ᠌ᠯᠠᠯᠭ᠎ᠠ》 ᠶᠢ ᠨᠠᠢ᠌ᠷᠠᠭᠤᠯᠬᠤ ᠠᠵᠢ᠍ᠯ ᠢ ᠠᠬᠢᠭᠤᠯᠬᠤ ᠬᠤᠷᠠᠯ ᠬᠤᠷᠠᠯᠳ᠋ᠤᠭᠤᠯᠪᠠ


        
           3 ᠰᠠᠷ᠎ᠠ ᠶᠢᠨ 24 ᠤ ᠦᠳ᠋ᠡ ᠶᠢᠨ ᠡᠮᠦᠨ᠎ᠠ᠂ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠪᠠᠢ᠌ᠭᠤᠯᠭ᠎ᠠ 《 ᠵᠠᠷᠤᠳ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠤᠨ ᠶᠡᠭᠡ ᠬᠤᠷᠠᠯ ᠤᠨ ᠤᠢ᠌ᠯᠠᠯᠭ᠎ᠠ》 ᠶᠢ ᠨᠠᠢ᠌ᠷᠠᠭᠤᠯᠬᠤ ᠠᠵᠢ᠍ᠯ ᠢ ᠠᠬᠢᠭᠤᠯᠬᠤ ᠬᠤᠷᠠᠯ ᠬᠤᠷᠠᠯᠳ᠋ᠤᠭᠤᠯᠵᠤ᠂《 ᠵᠠᠷᠤᠳ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠤᠨ ᠶᠡᠭᠡ ᠬᠤᠷᠠᠯ ᠤᠨ ᠤᠢ᠌ᠯᠠᠯᠭ᠎ᠠ》 ᠶᠢ ᠨᠠᠢ᠌ᠷᠠᠭᠤᠯᠬᠤ ᠠᠵᠢ᠍ᠯ ᠢ ᠭᠡᠷᠬᠢᠨ ᠬᠠᠮᠵᠢ᠍ᠯᠴᠠᠵᠤ ᠰᠠᠢ᠌ᠳ᠋ᠤᠷ ᠬᠢᠬᠦ ᠲᠤᠬᠠᠢ ᠪᠠᠢ᠌ᠷᠢ᠍ᠯᠠᠭᠤᠯᠤᠯᠳ᠋ᠠ ᠪᠠ ᠲᠤᠬᠢᠷᠠᠭᠤᠯᠤᠯᠳ᠋ᠠ ᠭᠡᠪᠡ᠃ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠨᠠᠷᠢ᠍ᠨ ᠪᠢᠴᠢ᠍ᠭ᠌ ᠤᠨ ᠲᠠᠷᠤᠭ᠎ᠠ ᠯᠢ ᠴᠸᠩ ᠭᠦᠸᠸ ᠬᠤᠷᠠᠯ ᠡᠷᠬᠢᠯᠡᠵᠦ᠂ ᠨᠠᠢ᠌ᠷᠠᠭᠤᠯᠤᠨ ᠪᠢᠴᠢ᠍ᠬᠦ ᠶᠢᠨ ᠪᠦᠷᠢ᠍ᠯᠳ᠋ᠤᠬᠦᠨ ᠭᠡᠰᠢ᠍ᠭᠦᠳ ᠬᠤᠷᠠᠯ ᠳᠤ ᠤᠷᠤᠯᠴᠠᠵᠠᠢ᠃

        
          ᠬᠤᠷᠠᠯ ᠡᠴᠡ ᠨᠠᠢ᠌ᠷᠠᠭᠤᠯᠭ᠎ᠠ ᠶᠢᠨ ᠶᠠᠪᠤᠴᠠ ᠲᠤᠮᠳ᠋ᠠᠬᠢ ᠮᠠᠲ᠋ᠸᠷᠢ᠍ᠶᠠᠯ ᠴᠤᠭᠯᠠᠭᠤᠯᠬᠤ ᠳᠤ ᠬᠠᠮᠵᠢ᠍ᠯᠴᠠᠬᠤ ᠠᠵᠢ᠍ᠯᠳ᠋ᠠᠨ ᠪᠠ ᠬᠠᠷᠢ᠍ᠭᠤᠴᠠᠯᠭ᠎ᠠ ᠶᠢ ᠲᠤᠳ᠋ᠤᠷᠬᠠᠢ᠌ᠯᠠᠵᠤ᠂ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠡᠯ᠎ᠠ ᠬᠠᠮᠢ᠍ᠶ᠎ᠠ ᠪᠦᠬᠦᠢ ᠠᠵᠢ᠍ᠯ ᠤᠨ ᠵᠦ᠋ᠪᠯᠡᠯ ᠪᠠ ᠪᠠᠢ᠌ᠭᠤᠯᠭ᠎ᠠ ᠶᠢᠨ ᠲᠠᠩᠰᠠ ᠡᠪᠬᠡᠮᠡᠯ ᠤᠨ ᠲᠠᠰᠤᠭ 《 ᠵᠠᠷᠤᠳ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠤᠨ ᠶᠡᠭᠡ ᠬᠤᠷᠠᠯ ᠤᠨ ᠤᠢ᠌ᠯᠠᠯᠭ᠎ᠠ》 ᠶᠢ ᠨᠠᠢ᠌ᠷᠠᠭᠤᠯᠬᠤ ᠠᠵᠢ᠍ᠯᠳ᠋ᠠᠨ ᠤ ᠲᠡᠦᠬᠡ ᠶᠢᠨ ᠮᠠᠲ᠋ᠸᠷᠢ᠍ᠶᠠᠯ ᠪᠠ ᠭᠡᠷᠡᠭᠯᠡᠬᠦ ᠲᠠᠩᠰᠠ ᠡᠪᠬᠡᠮᠡᠯ ᠤᠨ ᠮᠠᠲ᠋ᠸᠷᠢ᠍ᠶᠠᠯ ᠡᠷᠢ᠍ᠬᠦ ᠳᠤ ᠪᠦᠬᠦ ᠬᠦᠴᠦᠨ ᠶᠢᠡᠷ ᠶᠢᠡᠨ ᠬᠠᠮᠵᠢ᠍ᠯᠴᠠᠬᠤ ᠬᠡᠷᠡᠭ᠍ᠲᠠᠢ ᠭᠡᠵᠦ ᠱᠠᠭᠠᠷᠳ᠋ᠠᠵᠠᠢ᠃

        
             ᠬᠤᠷᠠᠯ ᠡᠴᠡ᠂ ᠨᠠᠢ᠌ᠷᠠᠭᠤᠯᠬᠤ ᠪᠦᠬᠦ ᠶᠠᠪᠤᠴᠠ ᠲᠤᠮᠳ᠋ᠠ ᠴᠢ᠍ᠩᠭ᠎ᠠ ᠨᠢ᠍ᠮᠪᠠᠢ ᠪᠤᠳ᠋ᠠᠳ᠋ᠠᠢ ᠶᠢ ᠡᠷᠬᠢᠮᠯᠡᠵᠤ᠂ ᠠᠷᠠᠳ ᠤᠨ ᠲᠦ᠋ᠯᠦᠭᠡᠯᠡᠭ᠍ᠴᠢ᠍ᠳ ᠤᠨ ᠶᠡᠭᠡ ᠬᠤᠷᠠᠯ ᠤᠨ ᠠᠵᠢ᠍ᠯ ᠤᠨ ᠤᠨᠴᠠᠯᠢ᠍ᠭ ᠤᠨ ᠭᠢᠯᠠᠰ ᠴᠡᠭ᠌ ᠢ ᠢᠯᠡᠷᠡᠬᠦᠯᠤᠨ᠂ ᠠᠷᠠᠳ ᠤᠨ ᠲᠦ᠋ᠯᠤᠭᠡᠯᠡᠭ᠍ᠴᠢ᠍ᠳ ᠤᠨ ᠶᠡᠭᠡ ᠬᠤᠷᠠᠯ ᠤᠨ ᠲᠦ᠋ᠷᠢ ᠲᠦ᠋ᠷᠬᠦ ᠶᠢ ᠪᠤᠢ ᠪᠤᠯᠭᠠᠵᠤ᠂ ᠠᠷᠠᠳ ᠤᠨ ᠲᠥᠯᠥᠭᠡᠯᠡᠭ᠍ᠴᠢ᠍ᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠠᠵᠢ᠍ᠯ ᠢ ᠰᠠᠢ᠌ᠳ᠋ᠤᠷ ᠤᠬᠠᠭᠤᠯᠤᠨ᠂ ᠴᠠᠭ ᠤᠨ ᠰᠢ᠍ᠯᠭᠠᠯᠳ᠋ᠠ ᠪᠠ ᠲᠡᠦᠬᠡ ᠶᠢᠨ ᠰᠢ᠍ᠯᠭᠠᠯᠳ᠋ᠠ ᠶᠢ ᠲᠠᠭᠠᠭᠠᠬᠤ ᠢᠯᠡ ᠲᠤᠳ᠋ᠤ ᠤᠨᠴᠠᠯᠢ᠍ᠭ ᠲᠡᠶ ᠰᠤᠳ᠋ᠤᠨ ᠪᠦᠳ᠋ᠤᠭᠡᠯ ᠢ ᠨᠠᠢ᠌ᠷᠠᠭᠤᠯᠤᠨ ᠵᠤᠬᠢᠶᠠᠬᠤ ᠶᠢ ᠱᠠᠭᠠᠷᠳ᠋ᠠᠵᠠᠢ᠃(ᠯᠸᠢ ᠫᠠᠩ)


ᠡᠮᠦᠨᠡᠬᠢ᠄ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠡᠷᠬᠢᠯᠡᠭ᠍ᠴᠢ ᠡᠦ ᠴᠢ᠍ᠩ ᠬᠠᠢ ᠲᠤᠯᠤᠳ᠋ᠤ ᠰᠤᠮᠤᠨ ᠳᠤ ᠪᠠᠢ᠌ᠴᠠᠭᠠᠯᠳ᠋ᠠ ᠦᠷᠨᠢᠭᠦᠯᠪᠡ
ᠳᠠᠷᠠᠭᠠᠬᠢ᠄ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠡᠷᠬᠢᠯᠡᠭ᠍ᠴᠢ ᠡᠦ ᠴᠢ᠍ᠩ ᠬᠠᠢ ᠦᠨᠳ᠋ᠦᠰᠦᠨ ᠱᠠᠳ᠋ᠤᠨ ᠤ ᠠᠵᠢ᠍ᠯ ᠢ ᠪᠠᠢ᠌ᠴᠠᠭᠠᠪᠠ