ᠤᠳᠤ ᠶᠢᠨ ᠪᠠᠢ᠌ᠷᠢ᠄ ᠪᠠᠢ᠌ᠩᠭᠤ ᠶᠢᠨ ᠬᠤᠷᠢᠶᠠᠨ ᠤ ᠠᠵᠢᠯ → ᠪᠦᠬᠦ ᠬᠤᠰᠢ᠍ᠭᠤᠨ ᠤ ᠰᠤᠮᠤ ᠪᠠᠯᠭᠠᠰᠤᠨ (ᠵᠡᠭᠡᠯᠢ᠁
ᠪᠦᠬᠦ ᠬᠤᠰᠢ᠍ᠭᠤᠨ ᠤ ᠰᠤᠮᠤ ᠪᠠᠯᠭᠠᠰᠤᠨ (ᠵᠡᠭᠡᠯᠢ ᠭᠤᠳ᠋ᠤᠮᠵᠢ) ᠤ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠠᠵᠢ᠍ᠯ ᠤᠨ ᠬᠠᠷᠢ᠍ᠭᠤ ᠮᠡᠳ᠋ᠡᠭᠦᠯᠦᠯᠳ᠋ᠡ ᠶᠢᠨ ᠬᠤᠷᠠᠯ ᠬᠤᠷᠠᠯᠳ᠋ᠤᠭᠤᠯᠪᠠ


        
            3 ᠰᠠᠷ᠎ᠠ ᠶᠢᠨ 25 ᠤ ᠡᠳ᠋ᠦᠷ ᠂ ᠪᠦᠬᠦ ᠬᠤᠰᠢ᠍ᠭᠤᠨ ᠤ ᠰᠤᠮᠤ ᠪᠠᠯᠭᠠᠰᠤᠨ (ᠵᠡᠭᠡᠯᠢ ᠭᠤᠳ᠋ᠤᠮᠵᠢ) ᠤ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠠᠵᠢ᠍ᠯ ᠤᠨ ᠬᠠᠷᠢ᠍ᠭᠤ ᠮᠡᠳ᠋ᠡᠭᠦᠯᠦᠯᠳ᠋ᠡ ᠶᠢᠨ ᠬᠤᠷᠠᠯ ᠬᠤᠷᠠᠯᠳ᠋ᠤᠭᠤᠯᠪᠠ᠃ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠡᠷᠬᠢᠯᠡᠭ᠍ᠴᠢ ᠡᠦ ᠴᠢ᠍ᠩ ᠬᠠᠢ᠂ ᠲᠡᠳ᠋ ᠡᠷᠬᠢᠯᠡᠭ᠍ᠴᠢ ᠡᠦ ᠰᠢ᠍ᠶᠤᠤ᠂ ᠪᠥ᠋ ᠮᠤᠤ ᠰᠢ᠍ᠶᠠᠩ᠂ ᠦᠷᠡᠪᠠᠳ᠋ᠦ᠂ ᠰᠦ᠋ᠩ ᠯᠢ᠍ᠶᠠᠨ ᠡᠾᠦ᠋ᠢ᠂ ᠪᠠᠢ᠌ᠩᠭ᠋ᠤ ᠶᠢᠨ ᠬᠤᠷᠢ᠍ᠶᠠᠨ ᠤ ᠨᠠᠷᠢ᠍ᠨ ᠪᠢᠴᠢ᠍ᠭ᠌ ᠤᠨ ᠲᠠᠷᠤᠭ᠎ᠠ ᠯᠢ ᠴᠸᠩ ᠭᠦᠸᠸ ᠬᠤᠷᠠᠯ ᠳᠤ ᠰᠠᠭᠠᠳ᠋ᠠᠵᠤ᠂ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠡᠯ᠎ᠠ ᠠᠵᠢ᠍ᠯ ᠤᠨ ᠵᠦ᠋ᠪᠯᠡᠯ ᠤᠨ ᠡᠷᠬᠢᠯᠡᠭ᠍ᠴᠢ᠂ ᠲᠡᠳ᠋ ᠡᠷᠬᠢᠯᠡᠭ᠍ᠴᠢ᠂ᠡᠯ᠎ᠠ ᠰᠤᠮᠤ ᠪᠠᠯᠭᠠᠰᠤᠨ (ᠵᠡᠭᠡᠯᠢ ᠭᠤᠳ᠋ᠤᠮᠵᠢ) ᠤ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠲᠡᠷᠢ᠍ᠭᠦᠯᠡᠭ᠍ᠴᠢ ᠶᠢᠨ ᠪᠦᠯᠬᠦᠮ ᠤᠨ ᠲᠡᠷᠢ᠍ᠭᠦᠯᠡᠭ᠍ᠴᠢ ᠬᠤᠷᠠᠯ ᠳᠤ ᠤᠷᠤᠯᠴᠠᠪᠠ᠃

        


       
           ᠡᠦ ᠴᠢ᠍ᠩ ᠬᠠᠢ ᠡᠴᠡ᠂ ᠡᠯ᠎ᠠ ᠰᠤᠮᠤ ᠪᠠᠯᠭᠠᠰᠤᠨ (ᠵᠡᠭᠡᠯᠢ ᠭᠤᠳ᠋ᠤᠮᠵᠢ) ᠤ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠲᠡᠷᠢ᠍ᠭᠦᠯᠡᠭ᠍ᠴᠢ ᠶᠡᠬᠡ ᠲᠠᠯ᠎ᠠ ᠶᠢᠨ ᠤᠬᠠᠮᠰᠡᠷ ᠶᠢᠡᠨ ᠴᠢ᠍ᠩᠭ᠋ᠠᠳᠬᠠᠵᠤ᠂ ᠨᠠᠮ ᠤᠨ ᠬᠤᠷᠢ᠍ᠶᠠᠨ ᠤ ᠠᠵᠢ᠍ᠯ ᠤᠨ ᠶᠡᠬᠡ ᠲᠠᠯ᠎ᠠ ᠲᠡᠶ ᠨᠢ᠍ᠭᠳ᠋ᠠ ᠤᠶᠠᠯᠳ᠋ᠤᠭᠤᠯᠤᠨ᠂ ᠤᠬᠠᠮᠰᠡᠷ ᠡᠴᠡ ᠪᠠᠨ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠠᠵᠢ᠍ᠯ ᠢ ᠲᠤᠬᠠᠢ ᠶᠢᠨ ᠭᠠᠵᠠᠷ ᠤᠷᠤᠨ ᠤ ᠪᠠᠨ ᠠᠵᠤ ᠠᠬᠤᠢ ᠨᠡᠢ᠌ᠭᠡᠮ ᠤᠨ ᠬᠦᠭ᠍ᠵᠢ᠍ᠯᠳ᠋ᠡ ᠶᠢᠨ ᠠᠬᠤᠢ ᠪᠠᠢ᠌ᠳ᠋ᠠᠯ ᠶᠢᠨ ᠲᠤᠤᠷ ᠡ᠋ ᠲᠦ᠋ᠰᠤᠪᠯᠡᠵᠤ᠂ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠠᠵᠢ᠍ᠯ ᠤᠨ ᠦᠨ᠎ᠠ ᠦᠷᠳ᠋ᠡᠭ᠌ ᠢ ᠲᠠᠭᠡᠭ᠍ᠰᠢ᠍ᠯᠡᠬᠦᠯᠬᠦ ᠬᠡᠷᠡᠭᠲᠡᠢ ᠂ ᠠᠰᠠᠭᠤᠳ᠋ᠠᠯ ᠤᠨ ᠲᠤᠬᠠᠢ ᠤᠬᠠᠮᠰᠠᠷ ᠶᠢᠠᠨ ᠴᠢ᠍ᠩᠭ᠋ᠠᠳᠬᠠᠵᠤ᠂ ᠪᠠᠢ᠌ᠴᠠᠭᠠᠨ ᠰᠤᠳ᠋ᠤᠯᠤᠯᠳ᠋ᠠ ᠶᠢᠨ ᠲᠤᠮᠳ᠋ᠠ ᠠᠰᠠᠭᠤᠳ᠋ᠠᠯ ᠢ ᠢᠯᠡᠷᠡᠭᠦᠯᠬᠦ ᠪᠠ ᠠᠵᠢ᠍ᠯ ᠤᠨ ᠲᠤᠮᠳ᠋ᠠ ᠠᠰᠠᠭᠤᠳ᠋ᠠᠯ ᠢ ᠲᠤᠷᠠᠳᠬᠤ ᠳᠠᠭᠠᠨ ᠴᠢ᠍ᠳ᠋ᠠᠮᠠᠭᠠᠢ ᠪᠠᠢ᠌ᠬᠤ ᠭᠡᠷᠡᠭ᠍ᠳ᠋ᠡᠢ᠂ ᠰᠤᠷᠤᠯᠴᠠᠯᠭ᠎ᠠ ᠶᠢᠨ ᠤᠬᠠᠮᠰᠡᠷ ᠶᠢᠠᠨ ᠴᠢ᠍ᠩᠭ᠋ᠠᠳᠬᠠᠵᠤ᠂ ᠤᠯᠤᠰ ᠲᠦ᠋ᠷᠦ ᠶᠢᠨ ᠤᠨᠤᠯ᠂ ᠬᠠᠦᠯᠢ ᠴᠠᠭᠠᠵᠠ ᠶᠢᠨ ᠮᠡᠳ᠋ᠡᠯᠭᠡ᠂ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠲᠤᠬᠠᠢ᠌ᠯᠠᠭᠰᠠᠨ ᠠᠵᠢ᠍ᠯ ᠤᠨ ᠮᠡᠳ᠋ᠡᠯᠭᠡ ᠶᠢ ᠴᠢ᠍ᠷᠮᠠᠢ᠌ᠨ ᠰᠤᠷᠤᠯᠴᠠᠵᠤ᠂ ᠠᠵᠢ᠍ᠯ ᠤᠨ ᠲᠦ᠋ᠷᠢ᠍ᠮ ᠲᠤᠭᠳ᠋ᠠᠭᠠᠯ ᠢ ᠰᠠᠢ᠌ᠳ᠋ᠤᠷ ᠤᠢ᠌ᠯᠠᠭᠠᠵᠤ ᠬᠠᠦᠯᠢ ᠶᠤᠰᠤᠭᠠᠷ ᠠᠵᠢ᠍ᠯᠯᠠᠬᠤ ᠪᠠ ᠬᠠᠦᠯᠢ ᠶᠤᠰᠤᠭᠠᠷ ᠲᠤᠰᠢ᠍ᠶᠠᠯ ᠶᠢᠡᠨ ᠭᠦᠢ᠍ᠴᠡᠳᠭᠡᠬᠦ ᠴᠢ᠍ᠳ᠋ᠠᠪᠤᠷᠢ ᠶᠢᠨ ᠬᠢᠷᠢ ᠲᠦ᠋ᠪᠰᠢ᠍ᠨ ᠶᠢᠡᠨ ᠲᠠᠰᠤᠷᠠᠯᠳ᠋ᠠ ᠦᠭᠡᠶ ᠲᠡᠭᠡᠭ᠍ᠰᠢ᠍ᠯᠡᠬᠦᠯᠬᠦ ᠭᠡᠷᠡᠭ᠍ᠳ᠋ᠡᠢ ᠭᠡᠵᠤ ᠴᠢ᠍ᠬᠤᠯᠠᠴᠢ᠍ᠯᠠᠪᠠ᠃

        
              ᠬᠤᠷᠠᠯ ᠲᠡᠭᠡᠷ᠎ᠠ᠂ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠲᠡᠳ᠋ ᠡᠷᠬᠢᠯᠡᠭ᠍ᠴᠢ ᠡᠦ ᠰᠢ᠍ᠶᠤᠤ᠂ ᠪᠥ᠋ ᠮᠤᠤ ᠰᠢ᠍ᠶᠠᠩ᠂ ᠰᠦ᠋ᠩ ᠯᠢ᠍ᠶᠠᠨ ᠡᠾᠦ᠋ᠢ ᠬᠤᠪᠢᠶᠠᠷᠠᠨ ᠬᠠᠮᠢ᠍ᠶᠠᠷᠴᠦ ᠪᠠᠢ᠌ᠭ᠎ᠠ ᠭᠠᠵᠠᠷ ᠤᠨ ᠪᠤᠳ᠋ᠠᠳ᠋ᠠᠢ ᠲᠡᠶ ᠤᠶᠠᠯᠳ᠋ᠤᠭᠤᠯᠵᠤ᠂ ᠬᠤᠢ᠌ᠰᠢ᠍ᠳ᠋ᠡ ᠶᠢᠨ ᠨᠢ᠍ᠭᠡ ᠬᠡᠰᠡᠭ᠌ ᠬᠤᠭᠤᠴᠠᠭᠠᠨ ᠤ ᠰᠤᠮᠤ ᠪᠠᠯᠭᠠᠰᠤᠨ (ᠵᠡᠭᠡᠯᠢ ᠭᠤᠳ᠋ᠤᠮᠵᠢ) ᠤ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠲᠡᠷᠢ᠍ᠭᠦᠯᠡᠭ᠍ᠴᠢ ᠶᠢᠨ ᠪᠦᠯᠬᠦᠮ ᠶᠢᠨ ᠠᠵᠢ᠍ᠯ ᠳᠤ ᠪᠤᠳ᠋ᠠᠳ᠋ᠠᠢ ᠱᠠᠭᠠᠷᠳ᠋ᠠᠯᠭ᠎ᠠ ᠲᠤᠷᠠᠳᠴᠠᠢ᠃

        

       
              ᠡᠯ᠎ᠠ ᠰᠤᠮᠤ ᠪᠠᠯᠭᠠᠰᠤᠨ (ᠵᠡᠭᠡᠯᠢ ᠭᠤᠳ᠋ᠤᠮᠵᠢ) ᠤ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠲᠠᠷᠢ᠍ᠬᠦᠯᠡᠭ᠍ᠴᠢ᠍ᠳ ᠤᠨ ᠪᠦᠯᠬᠦᠮ ᠤᠨ ᠲᠠᠷᠢ᠍ᠬᠦᠯᠡᠭ᠍ᠴᠢ᠍ᠳ ᠡᠴᠡ 2020 ᠤᠨ ᠤ ᠠᠵᠢ᠍ᠯ ᠦᠷᠨᠢᠭᠦᠯᠦᠭ᠍ᠰᠡᠨ ᠪᠠᠢ᠌ᠳ᠋ᠠᠯ ᠪᠠ 2021 ᠤᠨ ᠤ ᠠᠵᠢ᠍ᠯ ᠤᠨ ᠲᠦ᠋ᠯᠤᠪᠯᠡᠭᠡ ᠪᠡᠨ ᠬᠠᠷᠢ᠍ᠭᠤ ᠮᠡᠳ᠋ᠡᠬᠦᠯᠪᠡ᠃

          
               ᠬᠤᠰᠢ᠍ᠭᠤᠨ ᠤᠨ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠨᠠᠷᠢ᠍ᠨ ᠪᠢᠴᠢ᠍ᠭ᠌ ᠤᠨ ᠲᠠᠷᠤᠭ᠎ᠠ᠂ ᠠᠯᠪᠡᠨ ᠭᠡᠷ ᠤᠨ ᠡᠷᠬᠢᠯᠡᠭ᠍ᠴᠢ ᠯᠢ ᠴᠸᠩ ᠭᠦᠸᠸ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠬᠢᠨᠠᠨ ᠰᠢ᠍ᠯᠭᠠᠬᠤ ᠲᠤᠭᠤᠢ᠌ᠯᠠᠩ ᠤᠨ 2020 ᠤᠨ ᠤ ᠰᠤᠮᠤ ᠪᠠᠯᠭᠠᠰᠤᠨ (ᠵᠡᠭᠡᠯᠢ ᠭᠤᠳ᠋ᠤᠮᠵᠢ) ᠤ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠲᠠᠷᠢ᠍ᠬᠦᠯᠡᠭ᠍ᠴᠢ᠍ᠳ ᠤᠨ ᠪᠦᠯᠬᠦᠮ ᠦᠨ ᠠᠵᠢ᠍ᠯ ᠤᠨ ᠪᠠᠢ᠌ᠳ᠋ᠠᠯ ᠢ ᠨᠡᠪᠳ᠋ᠡᠷᠭᠡᠪᠡ᠃

        
               ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠡᠯ᠎ᠠ ᠠᠵᠢ᠍ᠯ ᠤᠨ ᠵᠦ᠋ᠪᠯᠡᠯ ᠤᠨ ᠬᠠᠷᠢ᠍ᠴᠠᠭᠤᠯᠭᠠᠳ᠋ᠠᠨ ᠦᠪᠡᠷ ᠤᠨ ᠠᠵᠢ᠍ᠯ ᠤᠨ ᠡᠭᠦᠷᠭᠡ ᠬᠠᠷᠢ᠍ᠭᠤᠴᠠᠯᠭ᠎ᠠ ᠲᠡᠶ ᠪᠠᠨ ᠤᠶᠠᠯᠳ᠋ᠤᠭᠤᠯᠤᠨ ᠰᠤᠮᠤ ᠪᠠᠯᠭᠠᠰᠤᠨ (ᠵᠡᠭᠡᠯᠢ ᠭᠤᠳ᠋ᠤᠮᠵᠢ) ᠤ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠲᠠᠷᠢ᠍ᠬᠦᠯᠡᠭ᠍ᠴᠢ᠍ᠳ ᠤᠨ ᠪᠦᠯᠬᠦᠮ ᠤᠨ 2021 ᠤᠨ ᠤ ᠠᠵᠢ᠍ᠯ ᠳᠤ ᠪᠤᠳ᠋ᠠᠳ᠋ᠠᠢ ᠲᠤᠬᠢᠷᠠᠭᠤᠯᠤᠯᠳ᠋ᠠ ᠪᠠᠢ᠌ᠷᠢ᠍ᠯᠠᠭᠤᠯᠤᠯᠳ᠋ᠠ ᠭᠡᠪᠡ᠃(ᠯᠸᠢ ᠫᠠᠩ)


ᠡᠮᠦᠨᠡᠬᠢ᠄ ᠬᠤᠰᠢ᠍ᠭᠤᠨ ᠦ ᠠᠷᠪᠠᠨ ᠵᠢᠷᠭᠤᠳ᠋ᠤᠭᠠᠷ ᠬᠤᠭᠤᠴᠠᠭᠠᠨ ᠤ ᠠᠷᠠᠳ ᠤᠨ ᠲᠦ᠋ᠯᠦᠭᠡᠯᠡᠭ᠍ᠴᠢ᠍ᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠬᠤᠷᠢ᠍ᠨ ᠲᠦ᠋ᠷᠪᠡᠳ᠋ᠦᠭᠡᠷ ᠬᠤᠷᠠᠯ ᠬᠤᠷᠠᠯᠳ᠋ᠤᠭᠤᠯᠪᠠ
ᠳᠠᠷᠠᠭᠠᠬᠢ᠄ ᠪᠦᠬᠦ ᠬᠤᠰᠢ᠍ᠭᠤᠨ ᠤ ᠲᠠᠪᠤᠨ ᠱᠠᠳ᠋ᠤᠨ ᠤ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠲᠦ᠋ᠯᠦᠭᠡᠯᠡᠭ᠍ᠴᠢ ᠶᠢᠨ ᠲᠤᠮᠳ᠋ᠠᠳ᠋ᠤ ᠶᠢᠨ ᠦᠨᠳ᠋ᠦᠰᠦᠳ᠋ᠡᠨ ᠤ ᠬᠠᠮᠳ᠋ᠤ ᠶᠢᠨ ᠴᠤᠭᠴᠠ ᠶᠢᠨ ᠤᠬᠠᠮᠰᠡᠷ ᠢ ᠪᠠᠳ᠋ᠤ ᠴᠤᠭᠴᠠᠯᠠᠬᠤ ᠲᠤᠰᠬᠠᠢ ᠰᠡᠳ᠋ᠦᠪᠳ᠋ᠦ ᠪᠤᠯᠪᠠᠰᠤᠷᠠᠯ ᠤᠨ ᠬᠤᠷᠠᠯ ᠬᠤᠷᠠᠯᠳ᠋ᠤᠪᠠ