ᠤᠳᠤ ᠶᠢᠨ ᠪᠠᠢ᠌ᠷᠢ᠄ ᠪᠠᠢ᠌ᠩᠭᠤ ᠶᠢᠨ ᠬᠤᠷᠢᠶᠠᠨ ᠤ ᠠᠵᠢᠯ → ᠪᠦᠬᠦ ᠬᠤᠰᠢ᠍ᠭᠤᠨ ᠤ ᠲᠠᠪᠤᠨ ᠱᠠᠳ᠋ᠤᠨ ᠤ᠁
ᠪᠦᠬᠦ ᠬᠤᠰᠢ᠍ᠭᠤᠨ ᠤ ᠲᠠᠪᠤᠨ ᠱᠠᠳ᠋ᠤᠨ ᠤ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠲᠦ᠋ᠯᠦᠭᠡᠯᠡᠭ᠍ᠴᠢ ᠶᠢᠨ ᠲᠤᠮᠳ᠋ᠠᠳ᠋ᠤ ᠶᠢᠨ ᠦᠨᠳ᠋ᠦᠰᠦᠳ᠋ᠡᠨ ᠤ ᠬᠠᠮᠳ᠋ᠤ ᠶᠢᠨ ᠴᠤᠭᠴᠠ ᠶᠢᠨ ᠤᠬᠠᠮᠰᠡᠷ ᠢ ᠪᠠᠳ᠋ᠤ ᠴᠤᠭᠴᠠᠯᠠᠬᠤ ᠲᠤᠰᠬᠠᠢ ᠰᠡᠳ᠋ᠦᠪᠳ᠋ᠦ ᠪᠤᠯᠪᠠᠰᠤᠷᠠᠯ ᠤᠨ ᠬᠤᠷᠠᠯ ᠬᠤᠷᠠᠯᠳ᠋ᠤᠪᠠ


        
           3 ᠰᠠᠷ᠎ᠠ ᠶᠢᠨ 30 ᠤ ᠡᠳ᠋ᠦᠷ᠂ ᠪᠦᠬᠦ ᠬᠤᠰᠢ᠍ᠭᠤᠨ ᠤ ᠲᠠᠪᠤᠨ ᠱᠠᠳ᠋ᠤᠨ ᠤ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠲᠦ᠋ᠯᠦᠭᠡᠯᠡᠭ᠍ᠴᠢ ᠶᠢᠨ ᠲᠤᠮᠳ᠋ᠠᠳ᠋ᠤ ᠶᠢᠨ ᠦᠨᠳ᠋ᠦᠰᠦᠳ᠋ᠡᠨ ᠤ ᠬᠠᠮᠳ᠋ᠤ ᠶᠢᠨ ᠴᠤᠭᠴᠠ ᠶᠢᠨ ᠤᠬᠠᠮᠰᠡᠷ ᠢ ᠪᠠᠳ᠋ᠤ ᠴᠤᠭᠴᠠᠯᠠᠬᠤ ᠲᠤᠰᠬᠠᠢ ᠰᠡᠳ᠋ᠦᠪᠳ᠋ᠦ ᠪᠤᠯᠪᠠᠰᠤᠷᠠᠯ ᠤᠨ ᠬᠤᠷᠠᠯ ᠬᠤᠷᠠᠯᠳ᠋ᠤᠪᠠ᠃ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠡᠷᠬᠢᠯᠡᠭ᠍ᠴᠢ ᠡᠦ ᠴᠢ᠍ᠩ ᠬᠠᠢ᠂ ᠲᠡᠳ᠋ ᠡᠷᠬᠢᠯᠡᠭ᠍ᠴᠢ ᠪᠥ᠋ ᠮᠤᠤ ᠰᠢ᠍ᠶᠠᠩ ᠬᠤᠷᠠᠯ ᠳᠤ ᠰᠠᠭᠠᠳ᠋ᠠᠵᠤ᠂ ᠪᠦᠬᠦ ᠬᠤᠰᠢ᠍ᠭᠤᠨ ᠤ ᠲᠠᠪᠤᠨ ᠱᠠᠳ᠋ᠤᠨ ᠤ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠲᠦ᠋ᠯᠦᠭᠡᠯᠡᠭ᠍ᠴᠢ ᠬᠤᠷᠠᠯ ᠳᠤ ᠤᠷᠤᠯᠴᠠᠵᠤ᠂ ᠪᠥ᠋ ᠮᠤᠤ ᠰᠢ᠍ᠶᠠᠩ ᠬᠤᠷᠠᠯ ᠡᠷᠬᠢᠯᠡᠪᠡ᠃
             


        

      ᠡᠦ ᠴᠢ᠍ᠩ ᠬᠠᠢ ᠡᠴᠡ᠂ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠲᠦ᠋ᠯᠦᠭᠡᠯᠡᠭ᠍ᠴᠢ ᠤᠯᠤᠰ ᠲᠦ᠋ᠷᠦ ᠶᠢᠨ ᠤᠬᠠᠮᠰᠡᠷ ᠶᠢᠡᠨ ᠤᠯᠠᠮ ᠨᠢ᠍ᠭᠡ ᠠᠯᠬᠤᠮ ᠴᠢ᠍ᠩᠭ᠋ᠠᠳᠬᠠᠵᠤ᠂ ᠲᠤᠭ ᠲᠡᠮᠳ᠋ᠡᠭ᠌ ᠲᠤᠳ᠋ᠤᠷᠬᠠᠢ ᠤᠯᠤᠰ ᠲᠦ᠋ᠷᠦ ᠶᠢᠨ ᠤᠪᠤᠷ ᠪᠠ ᠲᠡᠭᠡᠳ᠋ᠦ ᠬᠡᠮᠵᠢ᠍ᠶᠡᠨ ᠤ ᠤᠯᠤᠰ ᠲᠦ᠋ᠷᠦ ᠶᠢᠨ ᠬᠠᠷᠢ᠍ᠭᠤᠴᠠᠯᠭᠠᠳ᠋ᠤ ᠰᠡᠳᠭᠢᠯᠭᠡ ᠪᠠᠷ ᠰᠢ᠍ᠨ᠎ᠠ ᠴᠠᠭ ᠦᠶ᠎ᠠ ᠶᠢᠨ ᠦᠨᠳ᠋ᠦᠰᠦᠳ᠋ᠡᠨ ᠤ ᠠᠵᠢ᠍ᠯ ᠢ ᠰᠠᠢ᠌ᠳ᠋ᠦᠷ ᠬᠢᠵᠦ᠂ ᠰᠢ᠍ᠨ᠎ᠠ ᠴᠠᠭ ᠦᠶ᠎ᠠ ᠶᠢᠨ ᠨᠠᠮ ᠤᠨ ᠦᠨᠳ᠋ᠦᠰᠦᠳ᠋ᠡᠨ ᠤ ᠤᠨᠤᠯ ᠶᠢᠡᠷ ᠲᠠᠷᠢ᠍ᠬᠢ ᠲᠤᠯᠤᠭᠠᠢ ᠪᠠᠨ ᠵᠡᠪᠰᠡᠭᠯᠡᠨ ᠦᠢ᠍ᠯᠡᠳ᠋ᠦᠯᠭᠡ ᠪᠠᠨ ᠵᠢᠯᠤᠭᠤᠳᠴᠤ᠂ ᠶᠡᠷᠦᠩᠬᠡᠢ ᠱᠦ᠋ᠵᠢ ᠰᠢ ᠵᠢᠨ ᠫᠢᠩ ᠤᠨ ᠬᠠᠮᠢ᠍ᠶ᠎ᠠ ᠪᠦᠬᠦᠢ ᠦᠨᠳ᠋ᠦᠰᠦᠳ᠋ᠡᠨ ᠤ ᠠᠵᠢ᠍ᠯ ᠤᠨ ᠭᠤᠤᠯᠳ᠋ᠠᠯᠭ᠎ᠠ ᠶᠢᠨ ᠦᠭᠦᠯᠡᠨ ᠲᠤᠭᠠᠴᠢ᠍ᠯᠳ᠋ᠡ ᠪᠠᠷ ᠦᠨᠳ᠋ᠦᠰᠦᠳ᠋ᠡᠨ ᠤ ᠠᠵᠢ᠍ᠯ ᠶᠢᠡᠨ ᠠᠬᠢᠭᠤᠯᠤᠨ᠂ ᠦᠨᠳ᠋ᠦᠰᠦᠳ᠋ᠡᠨ ᠤ ᠪᠦᠯᠬᠦᠮᠳ᠋ᠡᠯ ᠲᠠᠪᠰᠢ᠍ᠯᠳ᠋ᠡ ᠶᠢᠨ ᠶᠡᠬᠡ ᠲᠠᠯ᠎ᠠ ᠲᠡᠭᠡᠷ᠎ᠠ ᠪᠡᠶ᠎ᠠ ᠪᠠᠷ ᠶᠢᠡᠨ ᠬᠡᠪ ᠲᠦ᠋ᠷᠢ᠍ᠮ ᠪᠤᠯᠵᠤ᠂ ᠨᠠᠮ ᠤᠨ ᠦᠨᠳ᠋ᠦᠰᠦᠳ᠋ᠡᠨ ᠤ ᠲᠦ᠋ᠷᠦ ᠶᠢᠨ ᠪᠤᠳ᠋ᠤᠯᠭ᠎ᠠ ᠶᠢ ᠲᠠᠷᠢ᠍ᠬᠦᠯᠡᠵᠤ ᠲᠤᠭᠤᠰᠢ᠍ᠯᠠᠭᠤᠯᠤᠨ᠂ ᠠᠷᠠᠳ ᠤᠨ ᠲᠦ᠋ᠯᠤᠭᠡᠯᠡᠭ᠍ᠴᠢ ᠶᠢᠨ ᠦᠨᠳ᠋ᠦᠰᠦᠳ᠋ᠡᠨ ᠤ ᠪᠦᠯᠬᠦᠮᠳ᠋ᠡᠯ ᠤᠨ ᠠᠵᠢ᠍ᠯ ᠦᠢ᠍ᠯᠡᠰ ᠢ ᠠᠬᠢᠭᠤᠯᠬᠤ ᠲᠤᠮᠳ᠋ᠠ ᠭᠤᠤᠯ ᠦᠢ᠍ᠯᠡᠳ᠋ᠦᠯ ᠶᠢᠡᠨ ᠭᠦᠢ᠍ᠴᠡᠳ ᠪᠠᠳ᠋ᠠᠷᠠᠭᠤᠯᠬᠤ ᠬᠡᠷᠡᠭ᠍ᠳ᠋ᠠᠢ ᠭᠡᠵᠦ ᠱᠠᠭᠠᠷᠳ᠋ᠠᠵᠠᠢ᠃

        
            ᠬᠤᠷᠠᠯ ᠲᠡᠭᠡᠷ᠎ᠠ᠂ ᠬᠤᠳ᠋ᠠ ᠶᠢᠨ ᠨᠠᠮ ᠤᠨ ᠬᠤᠷᠢ᠍ᠶᠠᠨ ᠤ ᠨᠠᠮ ᠤᠨ ᠰᠤᠷᠭᠠᠭᠤᠯᠢ ᠶᠢᠨ ᠪᠠᠭᠰᠢ ᠯᠢ᠍ᠦ ᠹᠥ᠋ ᠶᠢ᠍ᠩ 《 ᠲᠤᠮᠳ᠋ᠠᠳ᠋ᠤ ᠶᠢᠨ ᠦᠨᠳ᠋ᠦᠰᠦᠳ᠋ᠡᠨ ᠤ ᠬᠠᠮᠳ᠋ᠤ ᠶᠢᠨ ᠴᠤᠭᠴᠠ ᠶᠢᠨ ᠤᠬᠠᠮᠰᠡᠷ ᠢ ᠪᠡᠳ᠋ᠦ ᠴᠤᠭᠴᠠᠯᠠᠨ᠂ ᠰᠢ ᠵᠢᠨ ᠫᠢᠩ ᠤᠨ ᠬᠠᠮᠢ᠍ᠶ᠎ᠠ ᠪᠦᠬᠦᠢ ᠦᠨᠳ᠋ᠦᠰᠦᠳ᠋ᠡᠨ ᠤ ᠠᠵᠢ᠍ᠯ ᠤᠨ ᠭᠤᠤᠯᠳ᠋ᠠᠯᠭ᠎ᠠ ᠶᠢᠨ ᠦᠭᠦᠯᠡᠨ ᠲᠤᠭᠠᠴᠢ᠍ᠯᠳ᠋ᠡ ᠶᠢ ᠰᠤᠷᠤᠯᠴᠠᠬᠤ》 ᠭᠡᠬᠦ ᠭᠠᠷᠴᠠᠭ ᠶᠢᠡᠷ᠂ ᠰᠢ᠍ᠨ᠎ᠠ ᠴᠠᠭ ᠦᠶ᠎ᠠ ᠶᠢᠨ ᠦᠨᠳ᠋ᠦᠰᠦᠳ᠋ᠡᠨ ᠤ ᠠᠵᠢ᠍ᠯ ᠤᠨ ᠭᠤᠤᠯᠳ᠋ᠠᠯᠭᠠᠳ᠋ᠤ ᠴᠢ᠍ᠨᠠᠷ ᠪᠠ ᠪᠠᠴᠢ᠍ᠮ ᠲᠤᠯᠭᠠᠮ᠎ᠠ ᠴᠢ᠍ᠨᠠᠷ ᠢ ᠰᠠᠢ᠌ᠳ᠋ᠦᠷ ᠲᠠᠨᠢᠵᠤ᠂ ᠶᠡᠷᠦᠩᠬᠡᠢ ᠱᠦ᠋ᠵᠢ ᠰᠢ ᠵᠢᠨ ᠫᠢᠩ ᠤᠨ ᠬᠠᠮᠢ᠍ᠶ᠎ᠠ ᠪᠦᠬᠦᠢ ᠦᠨᠳ᠋ᠦᠰᠦᠳ᠋ᠡᠨ ᠤ ᠠᠵᠢ᠍ᠯ ᠤᠨ ᠭᠤᠤᠯ ᠦᠭᠦᠯᠡᠨ ᠲᠤᠭᠠᠴᠢ᠍ᠯᠳ᠋ᠡ ᠶᠢᠨ ᠰᠢ᠍ᠨᠵᠢ᠍ᠯᠡᠬᠦ ᠤᠬᠠᠭᠠᠨᠴᠢ ᠠᠭᠤᠯᠤᠭᠳ᠋ᠠᠬᠤᠨ ᠢ ᠭᠦᠨᠵᠡᠭᠡᠢ ᠤᠢ᠌ᠯᠠᠭᠠᠨ᠂ ᠶᠡᠷᠦᠩᠬᠡᠢ ᠱᠦ᠋ᠵᠢ ᠰᠢ ᠵᠢᠨ ᠫᠢᠩ ᠤᠨ ᠦᠪᠦᠷ ᠮᠤᠩᠭ᠋ᠤᠯ ᠤᠨ ᠬᠠᠮᠢ᠍ᠶ᠎ᠠ ᠪᠦᠬᠦᠢ ᠦᠨᠳ᠋ᠦᠰᠦᠳ᠋ᠡᠨ ᠤ ᠠᠵᠢ᠍ᠯ ᠤᠨ ᠭᠤᠤᠯ ᠶᠠᠷᠢ᠍ᠶ᠎ᠠ ᠶᠢᠨ ᠵᠤᠷᠢ᠍ᠭ ᠰᠠᠨᠠᠭᠠᠨ ᠤ ᠮᠦ᠋ᠨ ᠴᠢ᠍ᠨᠠᠷ ᠢ ᠵᠦ᠋ᠪ ᠤᠨᠤᠪᠴᠢ᠍ᠳ᠋ᠠᠢ ᠡᠵᠡᠮᠰᠢ᠍ᠵᠤ᠂ ᠲᠤᠮᠳ᠋ᠠᠳ᠋ᠤ ᠶᠢᠨ ᠦᠨᠳ᠋ᠦᠰᠦᠳ᠋ᠡᠨ ᠤ ᠬᠠᠮᠳ᠋ᠤ ᠶᠢᠨ ᠴᠤᠭᠴᠠ ᠶᠢᠨ ᠤᠬᠠᠮᠰᠡᠷ ᠢ ᠪᠠᠳ᠋ᠦ ᠴᠤᠭᠴᠠᠯᠠᠨ᠂ ᠰᠢ᠍ᠨ᠎ᠠ ᠴᠠᠭ ᠦᠶ᠎ᠠ ᠶᠢᠨ ᠦᠨᠳ᠋ᠦᠰᠦᠳ᠋ᠡᠨ ᠤ ᠠᠵᠢ᠍ᠯ ᠢ ᠴᠢ᠍ᠷᠮᠠᠢ᠌ᠨ ᠰᠠᠢ᠌ᠳ᠋ᠦᠷ ᠬᠢᠬᠦ ᠵᠡᠷᠭᠡ ᠲᠠᠯ᠎ᠠ ᠪᠠᠷ ᠨᠠᠷᠢ᠍ᠯᠢ᠍ᠭ ᠲᠠᠢ᠌ᠯᠪᠤᠷᠢ᠍ᠯᠠᠬᠤ ᠶᠢᠨ ᠬᠠᠮᠳ᠋ᠤ᠂ ᠶᠡᠷᠦᠩᠬᠡᠢ ᠱᠦ᠋ᠵᠢ ᠰᠢ ᠵᠢᠨ ᠫᠢᠩ ᠤᠨ ᠨᠠᠢ᠌ᠳ᠋ᠠᠯᠭ᠎ᠠ ᠶᠢ ᠪᠠᠳ᠋ᠦ ᠴᠡᠭᠡᠵᠢ᠍ᠯᠡᠵᠦ᠂ ᠤᠭ ᠰᠠᠨᠠᠭ᠎ᠠ ᠪᠠᠨ ᠦᠯᠦ ᠮᠠᠷᠳ᠋ᠠᠨ᠂ ᠰᠠᠬᠢᠨ ᠪᠠᠷᠠᠭᠠᠯᠠᠵᠤ ᠬᠠᠷᠢ᠍ᠯᠴᠡᠨ ᠬᠠᠪᠰᠤᠷᠤᠯᠴᠠᠵᠤ᠂ ᠵᠢᠱᠢ᠍ᠶᠡᠴᠢ ᠦᠪᠡᠷᠳ᠋ᠡᠭᠡᠨ ᠵᠠᠰᠠᠬᠤ ᠤᠷᠤᠨ ᠤ ᠢᠷᠠᠭᠤ ᠠᠯᠳ᠋ᠠᠷ ᠤᠨ ᠤᠯᠠᠮᠵᠢ᠍ᠯᠡᠯ ᠢ ᠪᠠᠳ᠋ᠠᠷᠠᠭᠤᠯᠤᠨ᠂ ᠲᠤᠮᠳ᠋ᠠᠳ᠋ᠤ ᠶᠢᠨ ᠦᠨᠳ᠋ᠦᠰᠦᠳ᠋ᠡᠨ ᠤ ᠬᠠᠮᠳ᠋ᠤ ᠶᠢᠨ ᠴᠤᠭᠴᠠ ᠶᠢᠨ ᠤᠬᠠᠮᠰᠡᠷ ᠢ ᠪᠠᠳ᠋ᠦ ᠴᠤᠭᠴᠠᠯᠠᠵᠤ᠂ ᠦᠨᠳ᠋ᠦᠰᠦᠳ᠋ᠡᠨ ᠤ ᠪᠦᠯᠬᠦᠮᠳ᠋ᠡᠯ ᠲᠠᠪᠰᠢ᠍ᠯᠳ᠋ᠡ ᠶᠢᠨ ᠰᠢ᠍ᠨ᠎ᠠ ᠬᠠᠭᠤᠳ᠋ᠠᠰᠦ ᠶᠢ ᠦᠷᠭᠦᠯᠵᠢ᠍ᠯᠡᠨ ᠪᠢᠴᠢᠭ᠍ᠯᠡᠶ᠎ᠠ ᠭᠡᠵᠦ ᠲᠤᠷᠠᠳ᠋ᠤᠵᠠᠢ᠃

        
          ᠪᠦᠬᠦ ᠤᠯᠤᠰ ᠤᠨ ᠠᠷᠠᠳ ᠤᠨ ᠲᠦ᠋ᠯᠦᠭᠡᠯᠡᠭ᠍ᠴᠢ ᠡᠦ ᠶᠦ᠋ᠨ ᠪᠦᠸᠸ ᠡᠴᠡ ᠠᠷᠪᠠᠨ ᠭᠤᠷᠪᠠᠳ᠋ᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠲᠦ᠋ᠷᠪᠡᠳ᠋ᠦᠭᠡᠷ ᠬᠤᠷᠠᠯ ᠤᠨ ᠭᠤᠤᠯ ᠵᠤᠷᠢ᠍ᠭ ᠰᠠᠨᠠᠭ᠎ᠠ ᠢ ᠤᠯᠠᠮᠵᠢ᠍ᠯᠡᠨ ᠰᠤᠷᠤᠯᠴᠠᠭᠤᠯᠪᠠ᠃


ᠡᠮᠦᠨᠡᠬᠢ᠄ ᠪᠦᠬᠦ ᠬᠤᠰᠢ᠍ᠭᠤᠨ ᠤ ᠰᠤᠮᠤ ᠪᠠᠯᠭᠠᠰᠤᠨ (ᠵᠡᠭᠡᠯᠢ ᠭᠤᠳ᠋ᠤᠮᠵᠢ) ᠤ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠠᠵᠢ᠍ᠯ ᠤᠨ ᠬᠠᠷᠢ᠍ᠭᠤ ᠮᠡᠳ᠋ᠡᠭᠦᠯᠦᠯᠳ᠋ᠡ ᠶᠢᠨ ᠬᠤᠷᠠᠯ ᠬᠤᠷᠠᠯᠳ᠋ᠤᠭᠤᠯᠪᠠ
ᠳᠠᠷᠠᠭᠠᠬᠢ᠄ ᠵᠠᠷᠤᠳ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢ᠍ᠶ᠎ᠠ《ᠪᠦᠭᠦᠳ᠋ᠡ ᠨᠠᠢ᠌ᠷᠠᠮᠳ᠋ᠠᠬᠤ ᠲᠤᠮᠳ᠋ᠠᠳ᠋ᠤ ᠠᠷᠠᠳ ᠤᠯᠤᠰ ᠤᠨ ᠭᠡᠨᠡᠳᠳ᠋ᠡ ᠶᠢᠨ ᠬᠡᠷᠡᠭ᠌ ᠢ ᠠᠷᠭᠠᠴᠠᠬᠤ ᠬᠠᠦᠯᠢ》 ᠵᠢ ᠬᠡᠷᠡᠭ᠍ᠵᠢ᠍ᠭᠦᠯᠦᠭ᠍ᠰᠡᠨ ᠪᠠᠢ᠌ᠳ᠋ᠠᠯ ᠤᠨ ᠲᠤᠬᠠᠢ ᠬᠠᠦᠯᠢ ᠬᠡᠷᠡᠭ᠍ᠵᠢ᠍ᠭᠦᠯᠦᠯᠳ᠋ᠡ ᠶᠢᠨ ᠪᠠᠢ᠌ᠴᠠᠭᠠᠯᠳ᠋ᠠ ᠬᠢᠪᠡ