ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠪᠠᠢ᠌ᠭᠤᠯᠭ᠎ᠠ《 ᠨᠠᠮ ᠤᠨ ᠲᠡᠦᠬᠡ ᠶᠢ ᠰᠤᠷᠤᠯᠴᠠᠵᠤ᠂ ᠦᠵᠡᠯ ᠰᠠᠨᠠᠭ᠎ᠠ ᠪᠠᠨ ᠰᠡᠭᠡᠭᠡᠷᠡᠬᠦᠯᠤᠨ᠂ ᠪᠤᠳ᠋ᠠᠳ᠋ᠤ ᠶᠠᠪᠤᠳ᠋ᠠᠯ ᠬᠢᠵᠦ᠂ ᠰᠢ᠍ᠨ᠎ᠠ ᠪᠠᠢ᠌ᠳ᠋ᠠᠯ ᠢ ᠡᠭᠦᠳᠬᠦ》 ᠭᠤᠤᠯ ᠰᠡᠳ᠋ᠦᠪᠳ᠋ᠦ ᠨᠠᠮ ᠤᠨ ᠡᠳ᠋ᠦᠷ ᠤᠨ ᠠᠵᠢ᠍ᠯᠯᠠᠭ᠎ᠠ ᠦᠷᠨᠢᠬᠦᠯᠪᠡ

3 ᠰᠠᠷ᠎ᠠ ᠶᠢᠨ 31 ᠤ ᠡᠳ᠋ᠦᠷ᠂ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠪᠠᠢ᠌ᠭᠤᠯᠭ᠎ᠠ《 ᠨᠠᠮ ᠤᠨ ᠲᠡᠦᠬᠡ ᠶᠢ ᠰᠤᠷᠤᠯᠴᠠᠵᠤ᠂ ᠦᠵᠡᠯ ᠰᠠᠨᠠᠭ᠎ᠠ ᠪᠠᠨ ᠰᠡᠭᠡᠭᠡᠷᠡᠬᠦᠯᠤᠨ᠂ ᠪᠤᠳ᠋ᠠᠳ᠋ᠤ ᠶᠠᠪᠤᠳ᠋ᠠᠯ ᠬᠢᠵᠦ᠂ ᠰᠢ᠍ᠨ᠎ᠠ ᠪᠠᠢ᠌ᠳ᠋ᠠᠯ ᠢ ᠡᠭᠦᠳᠬᠦ》 ᠭᠤᠤᠯ ᠰᠡᠳ᠋ᠦᠪᠳ᠋ᠦ ᠨᠠᠮ ᠤᠨ ᠡᠳ᠋ᠦᠷ ᠤᠨ ᠠᠵᠢ᠍ᠯᠯᠠᠭ᠎ᠠ ᠦᠷᠨᠢᠬᠦᠯᠪᠡ᠃ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠲᠡᠳ᠋ ᠡᠷᠬᠢᠯᠡᠭ᠍ᠴᠢ ᠪᠥ᠋ ᠮᠤᠤ ᠰᠢ᠍ᠶᠠᠩ᠂ ᠰᠦ᠋ᠩ ᠯᠢ᠍ᠶᠠᠨ ᠡᠾᠦ᠋ᠢ᠂ ᠪᠠᠢ᠌ᠩᠭ᠋ᠤ ᠶᠢᠨ ᠬᠤᠷᠢ᠍ᠶᠠᠨ ᠤ ᠨᠠᠷᠢ᠍ᠨ ᠪᠢᠴᠢ᠍ᠭ᠌ ᠤᠨ ᠲᠠᠷᠤᠭ᠎ᠠ ᠯᠢ ᠴᠸᠩ ᠭᠦᠸᠸ ᠵᠢᠴᠢ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠪᠠᠢ᠌ᠭᠤᠯᠭ᠎ᠠ ᠶᠢᠨ ᠪᠦᠬᠦ ᠨᠠᠮ ᠤᠨ ᠭᠡᠰᠢ᠍ᠬᠦᠨ ᠺᠠᠳ᠋ᠷᠴᠤᠳ ᠤᠷᠤᠯᠴᠠᠪᠠ᠃

ᠰᠢ᠍ᠶᠠᠩᠱᠠᠨ ᠲᠠᠷᠢ᠍ᠶᠠᠯᠠᠩ ᠤᠨ ᠲᠠᠯᠠᠪᠠᠢ ᠶᠢᠨ ᠮᠠᠤ ᠽᠸ ᠳ᠋ᠦ᠋ᠩ ᠤᠨ ᠬᠦᠷᠦᠭ᠌ ᠢ ᠨᠠᠨᠳ᠋ᠢ᠍ᠩᠨᠠᠨ ᠬᠠᠳ᠋ᠠᠭᠠᠯᠠᠬᠤ ᠤᠷᠳ᠋ᠤᠨ ᠳ᠋ᠥ᠂ ᠲᠠᠢ᠌ᠯᠪᠤᠷᠢ᠍ᠯᠠᠭᠴᠢ ᠡᠴᠡ ᠮᠡᠤ ᠽᠸ ᠳ᠋ᠦ᠋ᠩ ᠤᠨ ᠨᠤᠮ ᠰᠡᠳᠭᠦᠯ᠂ ᠨᠤᠮ ᠤᠨ ᠬᠠᠪᠴᠢ᠍ᠭᠤᠷᠭᠠ᠂ ᠤᠬᠠᠭᠤᠯᠭ᠎ᠠ ᠶᠢᠨ ᠵᠢᠷᠤᠭ᠂ ᠨᠠᠮ ᠤᠨ ᠲᠡᠦᠬᠡ ᠶᠢᠨ ᠮᠠᠲ᠋ᠸᠷᠢ᠍ᠶᠠᠯ ᠪᠠ ᠮᠠᠤ ᠽᠸ ᠳ᠋ᠦ᠋ᠩ ᠤᠨ ᠬᠦᠷᠦᠭ᠌ ᠵᠡᠷᠭᠡ ᠲᠠᠯ᠎ᠠ ᠪᠠᠷ ᠨᠠᠷᠢ᠍ᠨ ᠲᠠᠢ᠌ᠯᠤᠮᠵᠢ ᠬᠢᠵᠤ᠂ ᠤᠯᠠᠨ ᠶᠢᠡᠷ ᠶᠢᠡᠨ ᠨᠠᠷᠢ᠍ᠯᠢ᠍ᠭ ᠰᠤᠨᠤᠰᠤᠨ ᠦᠵᠡᠬᠦ ᠶᠢᠨ ᠬᠠᠮᠳ᠋ᠤ᠂ ᠲᠤᠮᠳ᠋ᠠᠳ᠋ᠤ ᠶᠢᠨ ᠬᠤᠪᠢᠰᠬᠠᠯ ᠤᠨ ᠲᠡᠦᠬᠡ ᠢ ᠭᠦᠢ᠍ᠴᠡᠳ ᠲᠠᠨᠢᠵᠤ᠂ ᠬᠤᠪᠢᠰᠬᠠᠯᠳ᠋ᠤ ᠤᠯᠠᠮᠵᠢ᠍ᠯᠠᠯ ᠤᠨ ᠬᠦᠮᠦᠵᠢ᠍ᠯ ᠢ ᠬᠦᠷᠳ᠋ᠡᠪᠡ᠃

ᠵᠤᠷᠢ᠍ᠭ ᠰᠠᠨᠠᠭ᠎ᠠ ᠶᠢ ᠤᠢ᠌ᠯᠠᠭᠠᠨ᠂ ᠤᠭ ᠰᠠᠨᠠᠭ᠎ᠠ ᠡᠭᠦᠷᠭᠡ ᠬᠠᠷᠢ᠍ᠭᠤᠴᠠᠯᠭ᠎ᠠ ᠪᠠᠨ ᠤᠢ᠌ᠯᠡᠳ᠋ᠤᠯᠭᠡᠵᠢ᠍ᠬᠦᠯᠵᠤ᠂ ᠨᠠᠮ ᠤᠨ ᠲᠤᠭ ᠤᠨ ᠡᠮᠦᠨ᠎ᠠ᠂ ᠨᠠᠮ ᠤᠨ ᠺᠠᠲᠷᠴᠤᠳ ᠨᠠᠮ ᠳᠤ ᠤᠷᠤᠬᠤ ᠲᠠᠩᠭ᠋ᠠᠷᠢ᠍ᠭ ᠤᠨ ᠦᠭᠡᠰ ᠢ ᠲᠠᠬᠢᠨ ᠡᠷᠬᠢᠴᠡᠬᠦᠯᠤᠨ᠂ ᠲᠠᠩᠭ᠋ᠠᠷᠢ᠍ᠭ ᠤᠨ ᠦᠭᠡᠰ ᠦᠨ ᠬᠦᠴᠦᠨ ᠢ ᠭᠦᠨᠵᠡᠭᠡᠢ ᠤᠬᠠᠵᠤ᠂ ᠦᠵᠡᠯ ᠰᠠᠨᠠᠭ᠎ᠠ ᠪᠠᠨ ᠲᠠᠬᠢᠨᠳ᠋ᠠ ᠠᠷᠢ᠍ᠭᠤᠳᠬᠠᠨ ᠲᠡᠭᠡᠭ᠍ᠰᠢ᠍ᠯᠡᠭᠦᠯᠵᠦ᠂ ᠡᠪ ᠬᠠᠮᠳ᠋ᠤ ᠨᠠᠮ ᠤᠨ ᠤᠭ ᠰᠠᠨᠠᠭ᠎ᠠ ᠪᠠ ᠡᠭᠦᠷᠭᠡ ᠬᠠᠷᠢ᠍ᠭᠤᠴᠠᠯᠭ᠎ᠠ ᠪᠠᠨ ᠮᠠᠷᠳ᠋ᠠᠬᠤ ᠦᠭᠡᠶ ᠪᠠᠢ᠌ᠬᠤ ᠪᠠᠨ ᠶᠢ ᠴᠠᠭ ᠢᠮᠠᠬᠳ᠋ᠠ ᠰᠠᠨᠠᠭᠤᠯᠪᠠ᠃

ᠲᠤᠭᠤᠷᠢ᠍ᠨ ᠦᠵᠡᠵᠦ ᠰᠤᠷᠤᠯᠴᠠᠬᠤ ᠪᠠᠷ ᠲᠠᠮᠵᠢ᠍ᠨ᠂ ᠤᠯᠠᠨ ᠶᠢᠡᠷ ᠶᠢᠡᠨ ᠬᠤᠪᠢᠰᠬᠠᠯ ᠤᠨ ᠠᠬᠠᠮᠡᠳ ᠦᠶ᠎ᠠ ᠶᠢᠨ ᠡᠷᠡᠰ ᠪᠠᠳ᠋ᠤ ᠢᠳ᠋ᠡᠭᠡᠯ ᠪᠢᠰᠢ᠍ᠷᠡᠯ ᠪᠠ ᠵᠤᠷᠢ᠍ᠬᠳ᠋ᠠᠢ ᠪᠠᠷ ᠲᠡᠮᠡᠴᠡᠬᠦ ᠬᠤᠪᠢᠰᠬᠠᠯᠳ᠋ᠤ ᠵᠤᠷᠢ᠍ᠭ ᠰᠠᠨᠠᠭ᠎ᠠ ᠶᠢ ᠵᠠᠯᠭᠠᠮᠵᠢ᠍ᠯᠡᠨ ᠪᠠᠳ᠋ᠠᠷᠠᠭᠤᠯᠵᠤ᠂ ᠬᠤᠢ᠌ᠰᠢ᠍ᠳ᠋ᠡ ᠶᠢᠨ ᠠᠵᠢ᠍ᠯ ᠤᠨ ᠲᠤᠮᠳ᠋ᠠ ᠪᠠᠨ ᠨᠠᠮ ᠤᠨ ᠲᠡᠦᠬᠡ ᠶᠢᠨ ᠰᠤᠷᠤᠯᠴᠠᠯᠭ᠎ᠠ ᠶᠢ ᠤᠯᠠᠮ ᠨᠢ᠍ᠭᠡ ᠠᠯᠬᠤᠮ ᠴᠢ᠍ᠩᠭ᠋ᠠᠳᠬᠠᠨ᠂ ᠠᠵᠢ᠍ᠯ ᠬᠢᠵᠦ ᠦᠢ᠍ᠯᠡᠰ ᠪᠤᠰᠬᠠᠬᠤ ᠲᠡᠮᠡᠴᠡᠯ ᠤᠨ ᠵᠤᠷᠢ᠍ᠭ ᠰᠠᠨᠠᠭ᠎ᠠ ᠶᠢ ᠢᠮᠠᠬᠳ᠋ᠠ ᠪᠠᠷᠢ᠍ᠮᠳ᠋ᠠᠯᠠᠵᠤ᠂《 ᠨᠠᠮ ᠤᠨ ᠲᠡᠦᠬᠡ ᠶᠢ ᠰᠤᠷᠤᠯᠴᠠᠵᠤ᠂ ᠦᠵᠡᠯ ᠰᠠᠨᠠᠭ᠎ᠠ ᠪᠠᠨ ᠰᠡᠭᠡᠭᠡᠷᠡᠬᠦᠯᠤᠨ᠂ ᠪᠤᠳ᠋ᠠᠳ᠋ᠤ ᠶᠠᠪᠤᠳ᠋ᠠᠯ ᠬᠢᠵᠦ᠂ ᠰᠢ᠍ᠨ᠎ᠠ ᠪᠠᠢ᠌ᠳ᠋ᠠᠯ ᠢ ᠡᠭᠦᠳᠬᠦ》 ᠱᠠᠭᠠᠷᠳ᠋ᠠᠯᠭ᠎ᠠ ᠶᠢ ᠪᠤᠳ᠋ᠠᠳ᠋ᠠᠢ ᠳᠤ ᠨᠠᠢ᠌ᠳ᠋ᠠᠪᠤᠷᠢ᠍ᠵᠢ᠍ᠭᠤᠯᠤᠨ᠂ ᠪᠦᠬᠦ ᠬᠤᠰᠢ᠍ᠭᠤᠨ ᠤ ᠠᠵᠤ ᠠᠬᠤᠢ ᠨᠡᠢ᠌ᠭᠡᠮ ᠦᠨ ᠴᠢ᠍ᠨᠠᠷ ᠰᠠᠢ᠌ᠳ᠋ᠠᠢ ᠬᠦᠭ᠍ᠵᠢ᠍ᠯᠳ᠋ᠡ ᠳᠤ ᠢᠳ᠋ᠡᠪᠬᠢᠳ᠋ᠠᠢ ᠬᠤᠪᠢ ᠨᠡᠮᠡᠷᠢ ᠦᠵᠡᠭᠦᠯᠦᠨ᠎ᠠ ᠭᠡᠵᠦ ᠢᠯᠡᠳᠭᠡᠵᠡᠭᠡᠪᠡ᠃(ᠯᠸᠢ ᠫᠠᠩ)