ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠪᠠᠢ᠌ᠭᠤᠯᠭ᠎ᠠ ᠶᠠᠨ ᠠᠨ ᠤ ᠵᠤᠷᠢ᠍ᠭ ᠰᠠᠨᠠᠭ᠎ᠠ ᠶᠢ ᠤᠯᠠᠮᠵᠢ᠍ᠯᠡᠨ ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢ᠍ᠯ ᠢ ᠬᠦᠨᠵᠡᠭᠡᠢ ᠦᠷᠨᠢᠭᠦᠯᠬᠦ ᠲᠤᠰᠬᠠᠢ ᠰᠡᠳ᠋ᠦᠪᠳ᠋ᠦ ᠨᠠᠮ ᠤᠨ ᠬᠢᠴᠢ᠍ᠶᠡᠯᠯᠡᠭᠡ ᠬᠢᠪᠡ

4 ᠰᠠᠷ᠎ᠠ ᠶᠢᠨ 6 ᠤ ᠡᠳ᠋ᠤᠷ ᠤᠨ ᠦᠳ᠋ᠡ ᠶᠢᠨ ᠬᠤᠢ᠌ᠨ᠎ᠠ᠂ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠪᠠᠢ᠌ᠭᠤᠯᠭ᠎ᠠ ᠪᠦᠬᠦ ᠨᠠᠮ ᠤᠨ ᠭᠡᠰᠢ᠍ᠬᠦᠨ ᠺᠠᠳ᠋ᠷᠴᠤᠳ ᠢ ᠵᠤᠬᠢᠶᠠᠨ ᠪᠠᠢ᠌ᠭᠤᠯᠵᠤ 《 ᠶᠠᠨ ᠠᠨ ᠤ ᠵᠤᠷᠢ᠍ᠭ ᠰᠠᠨᠠᠭ᠎ᠠ ᠶᠢ ᠤᠯᠠᠮᠵᠢ᠍ᠯᠡᠨ᠂ ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢ᠍ᠯ ᠢ ᠭᠦᠨᠵᠡᠭᠡᠢ ᠦᠷᠨᠢᠭᠦᠯᠬᠦ》 ᠲᠤᠰᠬᠠᠢ ᠰᠡᠳ᠋ᠦᠪᠳ᠋ᠦ ᠨᠠᠮ ᠤᠨ ᠬᠢᠴᠢ᠍ᠶᠡᠯᠯᠡᠭᠡ ᠬᠢᠪᠡ᠃ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠨᠠᠮ ᠤᠨ ᠤᠳ᠋ᠤᠷᠢ᠍ᠳᠬᠤ ᠲᠤᠭᠤᠢ᠌ᠯᠠᠩ ᠤᠨ ᠱᠦ᠋ᠵᠢ᠂ ᠡᠷᠬᠢᠯᠡᠭ᠍ᠴᠢ ᠡᠦ ᠴᠢ᠍ᠩ ᠬᠠᠢ᠂ ᠲᠡᠳ᠋ ᠡᠷᠬᠢᠯᠡᠭ᠍ᠴᠢ ᠪᠥ᠋ ᠮᠤᠤ ᠰᠢ᠍ᠶᠠᠩ᠂ ᠰᠦ᠋ᠩ ᠯᠢ᠍ᠶᠠᠨ ᠡᠾᠦ᠋ᠢ᠂ ᠪᠠᠢ᠌ᠩᠭ᠋ᠤ ᠶᠢᠨ ᠬᠤᠷᠢ᠍ᠶᠠᠨ ᠤ ᠨᠠᠷᠢ᠍ᠨ ᠪᠢᠴᠢ᠍ᠭ᠌ ᠤᠨ ᠲᠠᠷᠤᠭ᠎ᠠ᠂ ᠪᠠᠢ᠌ᠭᠤᠯᠭ᠎ᠠ ᠶᠢᠨ ᠨᠠᠮ ᠤᠨ ᠤᠳ᠋ᠤᠷᠢ᠍ᠳᠬᠤ ᠲᠤᠭᠤᠢ᠌ᠯᠠᠩ ᠤᠨ ᠱᠦ᠋ᠵᠢ᠂ ᠨᠠᠮ ᠤᠨ ᠡᠭᠦᠷ ᠤᠨ ᠱᠦ᠋ᠵᠢ ᠯᠢ ᠴᠸᠩ ᠭᠦᠸᠸ ᠲᠤᠰᠬᠠᠢ ᠰᠡᠳ᠋ᠦᠪᠳ᠋ᠦ ᠨᠠᠮ ᠤᠨ ᠬᠢᠴᠢ᠍ᠶᠡᠯᠡᠯᠭᠡ ᠳᠤ ᠤᠷᠤᠯᠴᠠᠪᠠ᠃


ᠡᠦ ᠴᠢ᠍ᠩ ᠬᠠᠢ ᠡᠴᠡ᠂ ᠨᠠᠮ ᠤᠨ ᠭᠡᠰᠢ᠍ᠭᠦᠨ ᠨᠠᠮ ᠤᠨ ᠲᠡᠦᠬᠡ ᠶᠢ ᠨᠠᠷᠢ᠍ᠨ ᠨᠢ᠍ᠭᠳ᠋ᠠ᠂ ᠬᠦᠨᠵᠡᠭᠡᠢ ᠪᠦᠭᠡᠳ ᠰᠢ᠍ᠰᠲ᠋ᠸᠮ ᠲᠡᠶ ᠰᠤᠷᠤᠯᠴᠠᠨ᠂ ᠨᠠᠮ ᠤᠨ ᠲᠡᠦᠬᠡ ᠶᠢᠨ ᠰᠤᠷᠤᠯᠴᠠᠯᠭ᠎ᠠ ᠶᠢᠨ ᠴᠢ᠍ᠬᠤᠯᠠ ᠠᠴᠢ ᠬᠤᠯᠪᠤᠭᠳ᠋ᠠᠯ ᠤᠨ ᠲᠠᠨᠢᠯᠳᠠ ᠶᠢ ᠲᠡᠭᠡᠭ᠍ᠰᠢ᠍ᠯᠡᠬᠦᠯᠬᠦ ᠭᠡᠷᠡᠭ᠍ᠳ᠋ᠡᠢ᠂ ᠨᠠᠮ ᠤᠨ ᠭᠡᠰᠢ᠍ᠭᠦᠨ ᠺᠠᠳ᠋ᠷ ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢ᠍ᠯ ᠤᠨ ᠶᠠᠪᠤᠴᠨ ᠳᠤ᠂ ᠰᠤᠷᠤᠯᠴᠠᠬᠤ ᠠᠷᠭ᠎ᠠ ᠶᠢᠨ ᠰᠢ᠍ᠨ᠎ᠠ ᠶᠢ ᠡᠭᠦᠳ᠋ᠦᠨ᠂ ᠰᠤᠨᠤᠰᠬᠤ᠂ ᠪᠢᠴᠢ᠍ᠬᠦ᠂ ᠶᠠᠷᠢ᠍ᠬᠤ᠂ ᠦᠵᠡᠬᠦ ᠶᠢ ᠬᠠᠷᠢ᠍ᠯᠴᠡᠨ ᠤᠶᠠᠯᠳ᠋ᠤᠭᠤᠯᠬᠤ ᠠᠷᠭ᠎ᠠ ᠪᠠᠷ᠂ ᠦᠷᠬᠦᠯᠵᠢ᠍ᠯᠡᠨ ᠬᠤᠪᠢ ᠬᠦᠮᠤᠨ ᠤ ᠰᠤᠷᠤᠯᠴᠠᠯᠭ᠎ᠠ ᠶᠢᠨ ᠢᠳ᠋ᠡᠪᠬᠢᠳ᠋ᠦ ᠴᠢ᠍ᠨᠠᠷ ᠢ ᠦᠨᠡᠨ ᠬᠦ ᠲᠡᠭᠡᠭ᠍ᠰᠢ᠍ᠯᠡᠬᠦᠯᠬᠦ ᠭᠡᠷᠡᠭ᠍ᠳ᠋ᠡᠢ ᠭᠡᠵᠤ ᠴᠢ᠍ᠬᠤᠯᠠᠴᠢ᠍ᠯᠠᠪᠠ᠃

ᠡᠦ ᠴᠢ᠍ᠩ ᠬᠠᠢ ᠡᠴᠡ᠂ ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢ᠍ᠯ ᠢ ᠲᠤᠬᠠᠢ᠌ᠯᠠᠭᠰᠠᠨ ᠠᠵᠢ᠍ᠯ ᠲᠡᠶ ᠪᠠᠨ ᠤᠶᠠᠯᠳ᠋ᠤᠭᠤᠯᠤᠨ᠂ ᠲᠤᠬᠠᠢ᠌ᠯᠠᠭᠰᠠᠨ ᠠᠵᠢ᠍ᠯ ᠶᠢᠡᠨ ᠰᠠᠢ᠌ᠳ᠋ᠦᠷ ᠬᠢᠭᠦ ᠲᠤᠮᠳ᠋ᠠ ᠨᠠᠮᠴᠢ ᠴᠢ᠍ᠨᠠᠷ ᠶᠢᠡᠨ ᠴᠢ᠍ᠩᠭ᠋ᠠᠳᠬᠠᠵᠤ᠂ ᠲᠤᠰᠢ᠍ᠶᠠᠯ ᠬᠠᠷᠢ᠍ᠭᠤᠴᠠᠯᠭ᠎ᠠ ᠪᠠᠨ ᠬᠦᠢ᠍ᠴᠡᠳᠭᠡᠨ᠂ ᠪᠤᠳ᠋ᠠᠳ᠋ᠤ ᠠᠵᠢ᠍ᠯᠯᠠᠭ᠎ᠠ ᠪᠠᠷ ᠶᠢᠡᠨ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠡᠯ᠎ᠠ ᠲᠦ᠋ᠷᠤᠯ ᠤᠨ ᠠᠵᠢ᠍ᠯ ᠢ ᠠᠬᠢᠭᠤᠯᠵᠦ᠂ ᠲᠡᠭᠡᠳ᠋ᠦ ᠱᠠᠳ᠋ᠤᠨ ᠤ ᠨᠢ᠍ᠭᠳ᠋ᠠ ᠴᠢ᠍ᠩᠭ᠎ᠠ ᠲᠤᠬᠢᠷᠠᠭᠤᠯᠤᠯᠳ᠋ᠠ ᠪᠠᠢ᠌ᠷᠢ᠍ᠯᠠᠭᠤᠯᠤᠯᠳ᠋ᠠ ᠪᠠ ᠬᠤᠰᠢ᠍ᠭᠤᠨ ᠤ ᠨᠠᠮ ᠤᠨ ᠬᠤᠷᠢ᠍ᠶᠠᠨ ᠤ ᠬᠠᠮᠢ᠍ᠶ᠎ᠠ ᠪᠦᠬᠦᠢ ᠱᠠᠭᠠᠷᠳ᠋ᠠᠯᠭ᠎ᠠ ᠪᠠᠷ᠂ ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢ᠍ᠯ ᠢ ᠪᠦᠬᠦ ᠲᠠᠯ᠎ᠠ ᠪᠠᠷ ᠲᠤᠭᠤᠰᠢ᠍ᠯᠠᠭᠤᠯᠤᠨ᠂ ᠠᠵᠢ᠍ᠯ ᠤᠨ ᠬᠡᠪ ᠰᠤᠷᠳ᠋ᠠᠯ ᠪᠠ ᠰᠠᠬᠢᠯᠭ᠎ᠠ ᠪᠠᠳ᠋ᠤ ᠶᠢ ᠲᠦ᠋ᠪ ᠰᠠᠬᠢᠵᠤ᠂ ᠤᠯᠤᠰ ᠲᠦ᠋ᠷᠦ ᠶᠢᠨ ᠤᠬᠠᠮᠰᠡᠷ ᠶᠢᠡᠨ ᠴᠢ᠍ᠩᠭ᠋ᠠᠳᠬᠠᠨ᠂ ᠰᠤᠷᠤᠯᠴᠠᠬᠤ ᠤᠪᠤᠷ ᠶᠢᠡᠨ ᠲᠦ᠋ᠪ ᠪᠤᠯᠭᠠᠵᠤ᠂ ᠪᠠᠢ᠌ᠭᠤᠯᠭ᠎ᠠ ᠶᠢᠨ ᠦᠷᠨᠢᠭᠦᠯᠦᠭ᠍ᠰᠡᠨ ᠡᠯ᠎ᠠ ᠵᠤᠢ᠌ᠯ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢ᠍ᠯ ᠤᠨ ᠠᠵᠢ᠍ᠯᠯᠠᠭ᠎ᠠ ᠳᠤ ᠢᠳ᠋ᠡᠪᠬᠢᠲᠠᠢ ᠤᠷᠤᠯᠴᠠᠬᠤ ᠬᠡᠷᠡᠭ᠍ᠲᠠᠢ ᠭᠡᠵᠤ ᠱᠠᠭᠠᠷᠳ᠋ᠠᠪᠠ᠃

ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠰᠤᠷᠭᠠᠨ ᠬᠦᠮᠦᠵᠢ᠍ᠯ ᠰᠢ᠍ᠨᠵᠢ᠍ᠯᠡᠬᠦ ᠤᠬᠠᠭᠠᠨ ᠰᠤᠶᠤᠯ ᠡᠷᠡᠭᠦᠯ ᠬᠠᠮᠠᠭᠠᠯᠠᠯ ᠤᠨ ᠠᠵᠢ᠍ᠯ ᠤᠨ ᠵᠦ᠋ᠪᠯᠡᠯ ᠤᠨ ᠡᠷᠬᠢᠯᠡᠭ᠍ᠴᠢ᠂ ᠪᠠᠢ᠌ᠭᠤᠯᠭ᠎ᠠ ᠶᠢᠨ ᠨᠠᠮ ᠤᠨ ᠡᠭᠦᠷ ᠤᠨ ᠵᠤᠬᠢᠶᠠᠨ ᠪᠠᠢ᠌ᠭᠤᠯᠬᠤ ᠭᠡᠰᠢ᠍ᠭᠦᠨ ᠪᠤᠤ ᠴᠡᠭᠡᠯᠬᠡᠨ ᠨᠦ᠋ᠬᠦᠷ ᠶᠠᠨ ᠠᠨ ᠳᠤ ᠵᠠᠷᠤᠳ ᠬᠤᠰᠢ᠍ᠭᠤᠨ ᠤ ᠰᠠᠯᠠᠭᠠᠨ ᠲᠠᠰ ᠤᠨ ᠺᠠᠳ᠋ᠷᠴᠤᠳ ᠤᠨ ᠨᠠᠮᠴᠢ ᠴᠢ᠍ᠨᠠᠷ ᠤᠨ ᠬᠦᠮᠤᠵᠢ᠍ᠯ ᠤᠨ ᠰᠤᠳ᠋ᠤᠯᠤᠨ ᠶᠠᠷᠢ᠍ᠯᠴᠠᠬᠤ ᠪᠤᠯᠪᠠᠰᠤᠷᠠᠯ ᠳᠤ ᠤᠷᠤᠯᠴᠠᠭᠰᠨᠨ ᠪᠠᠢ᠌ᠳ᠋ᠠᠯ ᠶᠢᠡᠨ ᠤᠯᠠᠨ ᠲᠡᠶ ᠬᠤᠪᠢᠶᠠᠯᠴᠠᠪᠠ᠃(ᠯᠸᠢ ᠫᠠᠩ)