ᠤᠳᠤ ᠶᠢᠨ ᠪᠠᠢ᠌ᠷᠢ᠄ ᠴᠢᠬᠤᠯᠠ ᠮᠡᠳᠡᠭᠡ → ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠤᠨ᠁
ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠡᠷᠬᠢᠯᠡᠭ᠍ᠴᠢ ᠡᠦ ᠴᠢ᠍ᠩ ᠬᠠᠢ ᠰᠢ᠍ᠶᠠᠩᠱᠠᠨ ᠲᠠᠷᠢ᠍ᠶᠠᠯᠠᠩ ᠤᠨ ᠲᠠᠯᠠᠪᠠᠢ ᠶᠢᠨ ᠠᠵᠢ᠍ᠯ ᠢ ᠪᠠᠢ᠌ᠴᠠᠭᠠᠪᠠ


        


        

      4 ᠰᠠᠷ᠎ᠠ ᠶᠢᠨ 7 ᠤ ᠡᠳ᠋ᠦᠷ᠂ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠡᠷᠬᠢᠯᠡᠭ᠍ᠴᠢ ᠡᠦ ᠴᠢ᠍ᠩ ᠬᠠᠢ ᠰᠢ᠍ᠶᠠᠩᠱᠠᠨ ᠲᠠᠷᠢ᠍ᠶᠠᠯᠠᠩ ᠤᠨ ᠲᠠᠯᠠᠪᠠᠢ ᠶᠢᠨ ᠠᠵᠢ᠍ᠯ ᠢ ᠪᠠᠢ᠌ᠴᠠᠭᠠᠵᠤ᠂ ᠰᠢ᠍ᠶᠠᠩᠱᠠᠨ ᠲᠠᠷᠢ᠍ᠶᠠᠯᠠᠩ ᠤᠨ ᠲᠠᠯᠠᠪᠠᠢ ᠶᠢᠨ ᠨᠠᠮ ᠤᠨ ᠬᠤᠷᠢ᠍ᠶ᠎ᠠ᠂ ᠵᠠᠰᠠᠭ ᠤᠨ ᠤᠷᠳ᠋ᠤᠨ ᠤ ᠭᠤᠤᠯ ᠬᠠᠷᠢ᠍ᠭᠤᠴᠠᠯᠭᠠᠳ᠋ᠠᠨ ᠪᠠᠷ᠎ᠠ ᠪᠤᠯᠤᠨ ᠪᠠᠢ᠌ᠴᠠᠭᠠᠪᠠ᠃ ᠡᠦ ᠴᠢ᠍ᠩ ᠬᠠᠢ ᠤᠷᠢ᠍ᠳ ᠬᠤᠵᠢ᠍ᠳ ᠰᠢ᠍ᠶᠠᠩᠱᠠᠨ ᠲᠠᠷᠢ᠍ᠶᠠᠯᠠᠩ ᠤᠨ ᠲᠠᠯᠠᠪᠠᠢ ᠶᠢᠨ ᠨᠢ᠍ᠭᠡᠳ᠋ᠦᠭᠡᠷ ᠬᠤᠪᠢᠶᠠᠷᠢ ᠲᠠᠯᠠᠪᠠᠢ᠂ ᠬᠤᠶᠠᠳ᠋ᠤᠭᠠᠷ ᠬᠤᠪᠢᠶᠠᠷᠢ ᠲᠠᠯᠠᠪᠠᠢ᠂ ᠲᠠᠪᠤᠳ᠋ᠤᠭᠠᠷ ᠬᠤᠪᠢᠶᠠᠷᠢ ᠲᠠᠯᠠᠪᠠᠢ ᠳᠤ ᠬᠦᠷᠴᠦ᠂ ᠰᠢ᠍ᠶᠠᠩᠱᠠᠨ ᠲᠠᠷᠢ᠍ᠶᠠᠯᠠᠩ ᠤᠨ ᠲᠠᠯᠠᠪᠠᠢ ᠶᠢᠨ ᠮᠠᠦ ᠽᠸ ᠳ᠋ᠦ᠋ᠩ ᠤᠨ ᠬᠦᠷᠦᠭ᠌ ᠢ ᠨᠠᠨᠳ᠋ᠢ᠍ᠩᠨᠠᠨ ᠬᠠᠳ᠋ᠠᠭᠠᠯᠠᠬᠤ ᠤᠷᠳ᠋ᠤᠨ᠂ ᠲᠠᠷᠢ᠍ᠶᠠᠯᠠᠬᠤ ᠰᠤᠶᠤᠯ ᠤᠨ ᠮᠦ᠋ᠽᠸᠢ ᠶᠢᠨ ᠤᠷᠳ᠋ᠤᠨ ᠵᠢᠴᠢ ᠲᠠᠷᠢ᠍ᠶᠠᠯᠠᠩ ᠤᠨ ᠭᠠᠷᠤᠯᠳ᠋ᠠ ᠶᠢ ᠪᠤᠯᠪᠠᠰᠤᠷᠠᠭᠤᠯᠬᠤ ᠦᠢ᠍ᠯᠡᠳᠪᠦᠷᠢ ᠶᠢᠨ ᠭᠠᠵᠠᠷ᠂ ᠭᠠᠷ ᠤᠷᠠᠯᠠᠯ ᠤᠨ ᠨᠡᠬᠡᠮᠡᠯ ᠤᠨ ᠦᠢ᠍ᠯᠡᠳᠪᠦᠷᠢ ᠶᠢᠨ ᠭᠠᠵᠠᠷ ᠤᠨ ᠬᠠᠮᠢ᠍ᠶ᠎ᠠ ᠪᠦᠬᠦᠢ ᠠᠵᠢ᠍ᠯ ᠢ ᠲᠤᠬᠠᠢ ᠶᠢᠨ ᠲᠠᠯᠠᠪᠠᠢ ᠳ᠋ᠥ ᠨᠢ ᠬᠦᠷᠴᠦ ᠪᠠᠢ᠌ᠴᠠᠭᠠᠪᠠ᠃

       
             ᠮᠠᠦ ᠽᠸ ᠳ᠋ᠦ᠋ᠩ ᠤᠨ ᠬᠦᠷᠦᠭ᠌ ᠢ ᠨᠠᠨᠳ᠋ᠢ᠍ᠩᠨᠠᠨ ᠬᠠᠳ᠋ᠠᠭᠠᠯᠠᠬᠤ ᠤᠷᠳ᠋ᠤᠨ ᠳ᠋ᠥ᠂ ᠡᠦ ᠴᠢ᠍ᠩ ᠬᠠᠢ ᠡᠴᠡ ᠰᠦ᠋ᠨ ᠯᠢ ᠪᠦᠸᠸ ᠨᠠᠰᠤᠳ᠋ᠠᠨ ᠤ ᠬᠤᠷᠢ᠍ᠶᠠᠨ ᠬᠠᠳ᠋ᠠᠭᠠᠯᠠᠭᠰᠠᠨ ᠮᠠᠦ ᠲᠡᠷᠢ᠍ᠭᠦᠯᠡᠭ᠍ᠴᠢ ᠶᠢᠨ ᠬᠦᠷᠦᠭ᠌᠂ ᠬᠤᠪᠢᠰᠬᠠᠯ ᠤᠨ ᠤᠬᠠᠭᠤᠯᠭ᠎ᠠ ᠶᠢᠨ ᠵᠢᠷᠤᠭᠳ᠋ᠤ ᠲᠡᠪᠳ᠋ᠡᠷ᠂ ᠮᠠᠦ ᠲᠡᠷᠢ᠍ᠭᠦᠯᠡᠭ᠍ᠴᠢ ᠶᠢᠨ ᠵᠤᠬᠢᠶᠠᠯ ᠪᠦᠳ᠋ᠦᠭᠡᠯ ᠵᠢᠴᠢ ᠡᠯ᠎ᠠ ᠲᠦ᠋ᠷᠦᠯ ᠤᠨ ᠬᠤᠪᠢᠰᠬᠠᠯ ᠤᠨ ᠬᠤᠷᠢ᠍ᠶᠠᠨ ᠬᠠᠳ᠋ᠠᠭᠠᠯᠠᠭᠰᠠᠨ ᠪᠤᠳ᠋ᠠᠰ ᠢ ᠲᠤᠭᠤᠷᠢ᠍ᠨ ᠦᠵᠡᠵᠦ᠂ ᠲᠠᠢ᠌ᠯᠪᠤᠷᠢ᠍ᠯᠠᠭᠴᠢ ᠶᠢᠨ ᠲᠠᠢ᠌ᠯᠤᠮᠵᠢ ᠶᠢ ᠨᠠᠷᠢ᠍ᠨ ᠬᠢᠨᠠᠮᠠᠭᠠᠢ ᠰᠤᠨᠤᠰᠤᠨ᠂ ᠨᠠᠨᠳ᠋ᠢ᠍ᠩᠨᠠᠨ ᠬᠠᠳ᠋ᠠᠭᠠᠯᠠᠬᠤ ᠤᠷᠳ᠋ᠤᠨ ᠤ ᠬᠤᠪᠤᠷ ᠨᠠᠨᠳ᠋ᠢ᠍ᠨ ᠬᠦᠷᠦᠭ᠌᠂ ᠰᠤᠷᠪᠤᠯᠵᠢ ᠪᠢᠴᠢ᠍ᠭ᠌ ᠮᠠᠲ᠋ᠸᠷᠢ᠍ᠶᠠᠯ᠂ ᠬᠤᠪᠢᠰᠬᠠᠯ ᠤᠨ ᠲᠡᠦᠬᠡ ᠶᠢᠨ ᠪᠤᠳ᠋ᠠᠰ ᠢ ᠲᠤᠭᠤᠷᠢ᠍ᠨ ᠦᠵᠡᠭ᠍ᠰᠡᠨ ᠤ ᠲᠠᠷᠠᠭ᠎ᠠ᠂ ᠨᠢ᠍ᠭᠡᠨ ᠤᠳ᠋ᠠᠭᠠᠨ ᠤ ᠬᠦᠨ ᠭᠦᠨᠵᠡᠭᠡᠢ ᠨᠠᠮ ᠤᠨ ᠲᠡᠦᠬᠡ ᠶᠢᠨ ᠰᠤᠷᠤᠯᠴᠠᠯᠭ᠎ᠠ ᠪᠠ ᠤᠶᠤᠨ ᠰᠠᠨᠠᠭᠠᠨ ᠦ ᠠᠷᠢᠭᠤᠤᠳᠬᠠᠯ ᠬᠦᠷᠳ᠋ᠡᠪᠡ ᠭᠡᠵᠠᠢ᠃

        
             ᠡᠦ ᠴᠢ ᠬᠠᠢ ᠡᠴᠡ᠂ ᠰᠢ᠍ᠶᠠᠩᠱᠠᠨ ᠲᠠᠷᠢ᠍ᠶᠠᠯᠠᠩ ᠤᠨ ᠲᠠᠯᠠᠪᠠᠢ ᠬᠤᠪᠢᠰᠬᠠᠯ ᠤᠨ ᠡᠬᠢ ᠪᠠᠶᠠᠯᠢ᠍ᠭ ᠢ ᠰᠠᠢ᠌ᠳ᠋ᠤᠷ ᠬᠠᠮᠠᠭᠠᠯᠠᠨ ᠤᠯᠠᠮᠵᠢ᠍ᠯᠠᠵᠤ᠂ ᠬᠤᠪᠢᠰᠬᠠᠯ ᠤᠨ ᠰᠤᠶᠤᠯ ᠤᠨ ᠠᠵᠢ᠍ᠯ ᠦᠢ᠍ᠯᠡᠰ ᠢ ᠶᠡᠬᠡ ᠪᠡᠷ ᠬᠦᠭ᠍ᠵᠢ᠍ᠬᠦᠯᠦᠨ᠂ ᠨᠦ᠋ᠯᠦᠭᠡᠯᠡᠬᠦ ᠬᠦᠴᠦᠨ ᠢ ᠲᠡᠭᠡᠭ᠍ᠰᠢ᠍ᠯᠡᠭᠦᠯᠬᠦ ᠶᠢᠨ ᠬᠠᠮᠳ᠋ᠤ᠂ ᠬᠤᠪᠢᠰᠬᠠᠯ ᠤᠨ ᠲᠠᠪᠠᠭᠤᠯᠢ᠍ᠭ ᠦᠨ ᠡᠬᠢ ᠪᠠᠶᠠᠯᠢ᠍ᠭ ᠢ ᠠᠰᠢ᠍ᠭᠯᠠᠨ ᠰᠤᠶᠤᠯ ᠠᠵᠦ ᠦᠢ᠍ᠯᠡᠰ ᠢ ᠨᠡᠩ ᠲᠦ᠋ᠷᠭᠡᠨ ᠪᠦᠭᠡᠳ ᠰᠠᠢ᠌ᠨ ᠬᠦᠭ᠍ᠵᠢ᠍ᠭᠦᠯᠦᠨ ᠠᠬᠢᠭᠤᠯᠬᠤ ᠬᠡᠷᠡᠭ᠍ᠳ᠋ᠠᠢ ᠭᠡᠵᠦ ᠱᠠᠭᠠᠷᠳ᠋ᠠᠵᠠᠢ᠃

        
         ᠡᠦ ᠴᠢ ᠬᠠᠢ ᠪᠠᠰᠠ ᠬᠠᠪᠤᠷ ᠤᠨ ᠲᠡᠷᠢ᠍ᠶᠠᠯᠠᠭ᠎ᠠ ᠶᠢᠨ ᠪᠡᠯᠡᠳᠭᠡᠯ ᠠᠵᠢ᠍ᠯ᠂ ᠲᠠᠷᠢ᠍ᠶᠠᠯᠠᠩ ᠤᠨ ᠭᠠᠷᠤᠯᠳ᠋ᠠ ᠶᠢᠨ ᠪᠦᠳ᠋ᠦᠭᠡᠭ᠍ᠳ᠋ᠡᠭᠦᠨ ᠢ ᠪᠤᠯᠪᠠᠰᠤᠷᠠᠭᠤᠯᠬᠤ ᠠᠵᠢ᠍ᠯ᠂ ᠦᠨᠳ᠋ᠦᠰᠦᠳ᠋ᠡᠨ ᠤ ᠤᠨᠴᠠᠯᠢ᠍ᠭᠳ᠋ᠤ ᠠᠵᠦ ᠦᠢ᠍ᠯᠡᠰ ᠶᠢᠨ ᠬᠦᠭ᠍ᠵᠢ᠍ᠯᠳ᠋ᠡ ᠵᠡᠷᠭᠡ ᠪᠠᠢ᠌ᠳ᠋ᠠᠯ ᠳᠤ ᠭᠦᠨᠵᠡᠭᠡᠢ ᠶᠠᠷᠢ᠍ᠯᠴᠠᠭ᠎ᠠ ᠦᠷᠨᠢᠬᠦᠯᠬᠦ ᠶᠢᠨ ᠬᠠᠮᠳ᠋ᠤ᠂ ᠪᠤᠳ᠋ᠠᠳ᠋ᠠᠢ ᠱᠠᠭᠠᠷᠳ᠋ᠠᠯᠭ᠎ᠠ ᠲᠤᠷᠠᠳᠴᠠᠢ᠃


ᠡᠮᠦᠨᠡᠬᠢ᠄ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠪᠠᠢ᠌ᠭᠤᠯᠭ᠎ᠠ ᠶᠠᠨ ᠠᠨ ᠤ ᠵᠤᠷᠢ᠍ᠭ ᠰᠠᠨᠠᠭ᠎ᠠ ᠶᠢ ᠤᠯᠠᠮᠵᠢ᠍ᠯᠡᠨ ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢ᠍ᠯ ᠢ ᠬᠦᠨᠵᠡᠭᠡᠢ ᠦᠷᠨᠢᠭᠦᠯᠬᠦ ᠲᠤᠰᠬᠠᠢ ᠰᠡᠳ᠋ᠦᠪᠳ᠋ᠦ ᠨᠠᠮ ᠤᠨ ᠬᠢᠴᠢ᠍ᠶᠡᠯᠯᠡᠭᠡ ᠬᠢᠪᠡ
ᠳᠠᠷᠠᠭᠠᠬᠢ᠄ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠤᠳ᠋ᠤᠷᠢ᠍ᠳ᠋ᠤᠯᠭ᠎ᠠ ᠲᠠᠭᠠᠭᠠᠴᠢ᠍ᠯᠠᠭᠰᠠᠨ ᠭᠠᠵᠠᠷ ᠤᠷᠤᠨ ᠤ ᠪᠠᠨ ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢ᠍ᠯ ᠤᠨ ᠠᠵᠢ᠍ᠯ ᠢ ᠪᠠᠢ᠌ᠴᠠᠭᠠᠨ ᠵᠢᠯᠤᠭᠤᠳ᠋ᠤᠪᠠ