ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠤᠳ᠋ᠤᠷᠢ᠍ᠳ᠋ᠤᠯᠭ᠎ᠠ ᠲᠠᠭᠠᠭᠠᠴᠢ᠍ᠯᠠᠭᠰᠠᠨ ᠭᠠᠵᠠᠷ ᠤᠷᠤᠨ ᠤ ᠪᠠᠨ ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢ᠍ᠯ ᠤᠨ ᠠᠵᠢ᠍ᠯ ᠢ ᠪᠠᠢ᠌ᠴᠠᠭᠠᠨ ᠵᠢᠯᠤᠭᠤᠳ᠋ᠤᠪᠠ

4 ᠰᠠᠷ᠎ᠠ ᠶᠢᠨ 8 ᠤ ᠡᠳ᠋ᠦᠷ᠂ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠲᠡᠳ᠋ ᠡᠷᠬᠢᠯᠡᠭ᠍ᠴᠢ ᠦᠷᠡᠪᠠᠳ᠋ᠤ᠂ ᠰᠦ᠋ᠩ ᠯᠢ᠍ᠶᠠᠨ ᠡᠾᠦ᠋ᠢ ᠲᠠᠭᠠᠭᠠᠴᠢ᠍ᠯᠠᠭᠰᠠᠨ ᠰᠤᠮᠤ ᠪᠠᠯᠭᠠᠰᠤᠨ ᠳ᠋ᠥ ᠪᠠᠨ ᠭᠦᠨᠵᠡᠭᠡᠢ᠌ᠷᠡᠨ ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢ᠍ᠯ ᠤᠨ ᠠᠵᠢ᠍ᠯ ᠢ ᠪᠠᠢ᠌ᠴᠠᠭᠠᠨ ᠵᠢᠯᠤᠭᠤᠳ᠋ᠤᠪᠠ᠃

ᠲᠠᠭᠠᠭᠠᠴᠢ᠍ᠯᠠᠭᠰᠠᠨ ᠰᠤᠮᠤ ᠪᠠᠯᠭᠠᠰᠤᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢ᠍ᠯ ᠤᠨ ᠠᠵᠢ᠍ᠯ ᠦᠷᠨᠢᠭᠦᠯᠦᠭ᠍ᠰᠡᠨ ᠪᠠᠢ᠌ᠳ᠋ᠠᠯ ᠤᠨ ᠬᠠᠷᠢ᠍ᠭᠤ ᠮᠡᠳ᠋ᠡᠭᠦᠯᠦᠯᠳ᠋ᠡ ᠶᠢ ᠰᠤᠨᠤᠰᠬᠤ ᠶᠢᠨ ᠬᠠᠮᠳ᠋ᠤ᠂ ᠬᠠᠮᠢ᠍ᠶ᠎ᠠ ᠪᠦᠬᠦᠢ ᠮᠠᠲ᠋ᠸᠷᠢ᠍ᠶᠠᠯ ᠢ ᠪᠠᠢ᠌ᠴᠠᠭᠠᠨ ᠦᠵᠡᠪᠡ᠃ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠤᠳ᠋ᠤᠷᠢ᠍ᠳ᠋ᠤᠯᠭ᠎ᠠ ᠡᠴᠡ᠂ ᠦᠨᠦ ᠵᠢᠯ ᠪᠤᠯ ᠲᠤᠮᠳ᠋ᠠᠳ᠋ᠤ ᠤᠯᠤᠰ ᠤᠨ ᠡᠪ ᠬᠠᠮᠳ᠋ᠤ ᠨᠠᠮ ᠪᠠᠢ᠌ᠭᠤᠯᠤᠭᠳ᠋ᠠᠭᠰᠠᠨ100 ᠵᠢᠯ ᠤᠨ ᠤᠢ ᠮᠦ᠋ᠨ᠂ ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢ᠍ᠯ ᠢ ᠦᠷᠨᠢᠭᠦᠯᠬᠦ ᠪᠤᠯ ᠨᠠᠮ ᠤᠨ ᠲᠦ᠋ᠪ ᠬᠤᠷᠢ᠍ᠶᠠᠨ ᠤ ᠴᠢ᠍ᠬᠤᠯᠨ ᠰᠡᠢ᠍ᠳᠪᠦᠷᠢ ᠮᠦ᠋ᠷᠳ᠋ᠡᠭᠡᠨ 2021 ᠤᠨ ᠤ ᠪᠦᠬᠦ ᠵᠢᠯ ᠳᠤ ᠲᠤᠭᠤᠰᠢ᠍ᠯᠠᠭᠳ᠋ᠠᠬᠤ ᠨᠢ᠍ᠭᠡ ᠵᠦ᠋ᠢ᠍ᠯ ᠤᠨ ᠬᠦᠨᠳ᠋ᠦ ᠴᠢ᠍ᠬᠤᠯᠠ ᠤᠯᠤᠰ ᠲᠤᠷᠦ ᠶᠢᠨ ᠡᠭᠦᠷᠭᠡ ᠪᠠᠢ᠌ᠵᠤ᠂《 ᠨᠠᠮ ᠤᠨ ᠲᠡᠦᠬᠡ ᠶᠢ ᠰᠤᠷᠤᠯᠴᠠᠨ᠂ ᠦᠵᠡᠯ ᠰᠠᠨᠠᠭ᠎ᠠ ᠪᠠᠨ ᠰᠡᠭᠡᠭᠡᠷᠡᠭᠦᠯᠵᠦ᠂ ᠪᠤᠳ᠋ᠠᠳ᠋ᠤ ᠶᠠᠪᠤᠳ᠋ᠠᠯ ᠬᠢᠵᠦ᠂ ᠰᠢ᠍ᠨ᠎ᠠ ᠪᠠᠢ᠌ᠳ᠋ᠠᠯ ᠢ ᠡᠭᠦᠳ᠋ᠦᠬᠦ》 ᠪᠠᠷ ᠶᠡᠷᠦᠩᠬᠡᠢ᠌ᠯᠡᠨ ᠵᠢᠯᠤᠭᠤᠳ᠋ᠤᠭᠤᠯᠵᠤ᠂《 ᠤᠯᠤᠰ ᠲᠦ᠋ᠷᠦ ᠶᠢᠨ ᠮᠠᠭᠠᠳᠯᠠᠬᠤ ᠴᠢ᠍ᠳ᠋ᠠᠪᠤᠷᠢ᠂ ᠤᠯᠤᠰ ᠲᠦ᠋ᠷᠦ ᠶᠢᠨ ᠤᠢ᠌ᠯᠠᠭᠠᠬᠤ ᠴᠢ᠍ᠳ᠋ᠠᠪᠤᠷᠢ᠂ ᠤᠯᠤᠰ ᠲᠦ᠋ᠷᠦ ᠶᠢᠨ ᠭᠦᠢ᠍ᠴᠡᠳᠬᠡᠬᠦ ᠴᠢ᠍ᠳ᠋ᠠᠪᠤᠷᠢ》 ᠪᠠᠨ ᠲᠠᠭᠡᠭ᠍ᠰᠢ᠍ᠯᠡᠬᠦᠯᠦᠨ᠂ ᠰᠤᠷᠤᠯᠴᠠᠯᠭ᠎ᠠ ᠪᠠᠨ ᠦᠨᠡᠨ ᠪᠠᠳ᠋ᠤᠳ᠋ᠠᠢ ᠴᠢ᠍ᠩᠭ᠋ᠠᠳᠬᠠᠵᠤ᠂ ᠠᠷᠠᠳ ᠲᠦ᠋ᠮᠡᠨ ᠳᠤ ᠪᠤᠳ᠋ᠠᠳ᠋ᠤ ᠶᠠᠪᠤᠳ᠋ᠠᠯ ᠬᠢᠵᠦ ᠤᠯᠠᠨ ᠲᠦ᠋ᠮᠡᠨ ᠤ ᠬᠦᠴᠢ᠍ᠷᠳ᠋ᠠᠯ ᠠᠰᠠᠭᠤᠳ᠋ᠠᠯ ᠢ ᠰᠡᠢ᠍ᠳᠪᠦᠷᠢ᠍ᠯᠡᠬᠦ ᠬᠡᠷᠡᠭ᠍ᠳ᠋ᠠᠢ ᠭᠡᠵᠦ ᠵᠢᠭᠠᠵᠤ ᠭᠠᠷᠭᠠᠵᠠᠢ᠃

ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠤᠳ᠋ᠤᠷᠢ᠍ᠳ᠋ᠤᠯᠭ᠎ᠠ ᠡᠴᠡ᠂ ᠨᠠᠮ ᠤᠨ ᠪᠦᠳ᠋ᠦᠭᠡᠨ ᠪᠠᠢ᠌ᠭᠤᠯᠤᠯᠳ᠋ᠠ ᠶᠢᠨ ᠤᠳ᠋ᠤᠷᠢ᠍ᠳ᠋ᠤᠮᠵᠢ ᠪᠠᠨ ᠴᠢ᠍ᠩᠭ᠋ᠠᠳᠬᠠᠵᠤ᠂ ᠵᠠᠩᠭᠢᠯᠠᠭ᠎ᠠ ᠶᠢᠨ ᠴᠦ᠋ᠬᠡᠨ ᠲᠤᠭᠠᠳᠠᠨ ᠢ ᠠᠳᠬᠤᠨ᠂ ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢ᠍ᠯ ᠲᠡᠶ ᠤᠶᠠᠯᠳ᠋ᠤᠭᠤᠯᠬᠤ ᠶᠢ ᠰᠠᠢ᠌ᠳ᠋ᠤᠷ ᠬᠢᠵᠤ᠂ ᠠᠵᠢ᠍ᠯ ᠤᠨ ᠨᠠᠢ᠌ᠳ᠋ᠠᠪᠤᠷᠢ᠍ᠵᠢ᠍ᠭᠤᠯᠤᠯᠳ᠋ᠠ ᠶᠢ ᠠᠬᠢᠭᠤᠯᠬᠤ ᠬᠡᠷᠡᠭ᠍ᠲᠠᠢ ᠭᠡᠵᠦ ᠱᠠᠭᠠᠷᠳ᠋ᠠᠵᠠᠢ᠃

ᠬᠠᠮᠳ᠋ᠤ ᠳ᠋ᠤᠨᠢ᠂ ᠲᠠᠭᠠᠭᠠᠴᠢ᠍ᠯᠠᠭᠰᠠᠨ ᠰᠤᠮᠤ ᠪᠠᠯᠭᠠᠰᠤᠨ ᠤ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠪᠡᠯᠡᠳᠭᠡᠯ ᠠᠵᠢ᠍ᠯ ᠵᠢᠴᠢ ᠤᠷᠴᠢ᠍ᠨ ᠲᠤᠭᠤᠷᠢ᠍ᠨ ᠤ ᠵᠠᠰᠠᠯᠳ᠋ᠠ ᠵᠡᠷᠭᠡ ᠠᠵᠢ᠍ᠯ ᠢ ᠵᠢᠭᠠᠨ ᠵᠢᠯᠤᠭᠤᠳᠪᠠ᠃(ᠯᠸᠢ ᠫᠠᠩ)