ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢ᠍ᠶ᠎ᠠ ᠪᠦᠬᠦ ᠬᠤᠰᠢ᠍ᠭᠤᠨ ᠤ ᠡᠯ᠎ᠠ ᠱᠠᠳ᠋ᠤᠨ ᠤ ᠠᠷᠠᠳ ᠤᠨ ᠲᠦ᠋ᠯᠦᠭᠡᠯᠡᠭ᠍ᠴᠢ᠍ᠳ ᠢ ᠵᠤᠬᠢᠶᠠᠨ ᠪᠠᠢ᠌ᠭᠤᠯᠤᠨ ᠬᠦᠳ᠋ᠡᠭᠡ ᠲᠤᠰᠬᠤᠨ ᠢ ᠬᠦᠭ᠍ᠵᠢ᠍ᠭᠦᠯᠦᠨ ᠮᠠᠨᠳ᠋ᠤᠭᠤᠯᠬᠤ ᠲᠤᠬᠠᠢ ᠰᠠᠭᠤᠳ᠋ᠠᠯ ᠤᠨ ᠬᠤᠷᠠᠯ ᠬᠤᠷᠠᠯᠳ᠋ᠤᠭᠤᠯᠪᠠ

4 ᠰᠠᠷ᠎ᠠ ᠶᠢᠨ 13 ᠤ ᠡᠳ᠋ᠦᠷ ᠤᠨ ᠦᠳ᠋ᠡ ᠶᠢᠨ ᠡᠮᠦᠨ᠎ᠠ᠂ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢ᠍ᠶ᠎ᠠ ᠪᠦᠬᠦ ᠬᠤᠰᠢ᠍ᠭᠤᠨ ᠤ ᠡᠯ᠎ᠠ ᠱᠠᠳ᠋ᠤᠨ ᠤ ᠠᠷᠠᠳ ᠤᠨ ᠲᠦ᠋ᠯᠦᠭᠡᠯᠡᠭ᠍ᠴᠢ᠍ᠳ ᠢ ᠵᠤᠬᠢᠶᠠᠨ ᠪᠠᠢ᠌ᠭᠤᠯᠤᠨ ᠬᠦᠳ᠋ᠡᠭᠡ ᠲᠤᠰᠬᠤᠨ ᠢ ᠬᠦᠭ᠍ᠵᠢ᠍ᠭᠦᠯᠦᠨ ᠮᠠᠨᠳ᠋ᠤᠭᠤᠯᠬᠤ ᠲᠤᠬᠠᠢ ᠰᠠᠭᠤᠳ᠋ᠠᠯ ᠤᠨ ᠬᠤᠷᠠᠯ ᠬᠤᠷᠠᠯᠳ᠋ᠤᠭᠤᠯᠪᠠ᠃ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢ᠍ᠶ᠎ᠠ ᠶᠢᠨ ᠡᠷᠬᠢᠯᠡᠭ᠍ᠴᠢ ᠡᠦ ᠴᠢ᠍ᠩ ᠬᠠᠢ᠂ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢ᠍ᠶ᠎ᠠ ᠶᠢᠨ ᠬᠦᠳ᠋ᠡᠭᠡ ᠲᠤᠰᠬᠤᠨ ᠮᠠᠯᠵᠢ᠍ᠬᠤ ᠤᠷᠤᠨ ᠤ ᠠᠵᠢ᠍ᠯ ᠤᠨ ᠵᠦ᠋ᠪᠯᠡᠯ ᠤᠨ ᠡᠷᠬᠢᠯᠡᠭ᠍ᠴᠢ ᠤᠶᠤᠨᠪᠢᠯᠢ᠍ᠭ᠌ ᠵᠢᠴᠢ ᠬᠡᠰᠡᠭ᠌ ᠰᠤᠮᠤ ᠪᠠᠯᠭᠠᠰᠤᠨ ᠤ ᠠᠷᠠᠳ ᠤᠨ ᠲᠦ᠋ᠯᠦᠭᠡᠯᠡᠭ᠍ᠴᠢ᠍ᠳ ᠤᠨ ᠲᠡᠷᠢ᠍ᠭᠦᠯᠡᠭ᠍ᠴᠢ ᠪᠠ ᠬᠠᠮᠢ᠍ᠶ᠎ᠠ ᠪᠦᠬᠦᠢ ᠰᠠᠯᠠᠭ᠎ᠠ ᠮᠦ᠋ᠴᠢ᠍ᠷ ᠤᠨ ᠬᠠᠷᠢ᠍ᠭᠤᠴᠠᠯᠭᠠᠳ᠋ᠠᠨ ᠬᠤᠷᠠᠯ ᠳᠤ ᠤᠷᠤᠯᠴᠠᠪᠠ᠃

ᠬᠤᠷᠠᠯ ᠳᠤ《 ᠪᠦᠬᠦ ᠬᠤᠰᠢ᠍ᠭᠤᠨ ᠤ ᠡᠯ᠎ᠠ ᠱᠠᠳ᠋ᠤᠨ ᠤ ᠠᠷᠠᠳ ᠤᠨ ᠲᠦ᠋ᠯᠦᠭᠡᠯᠡᠭ᠍ᠴᠢ᠍ᠳ ᠢ ᠵᠤᠬᠢᠶᠠᠨ ᠪᠠᠢ᠌ᠭᠤᠯᠤᠨ ᠬᠦᠳ᠋ᠡᠭᠡ ᠲᠤᠰᠬᠤᠨ ᠤ ᠬᠦᠭ᠍ᠵᠢ᠍ᠬᠦᠯᠦᠨ ᠮᠠᠨᠳ᠋ᠤᠯᠳ᠋ᠠ ᠳᠤ ᠬᠦᠴᠦᠨ ᠨᠡᠮᠡᠷᠢ᠍ᠯᠡᠬᠦ ᠬᠡᠷᠡᠭ᠍ᠵᠢ᠍ᠭᠦᠯᠬᠦ ᠲᠦ᠋ᠰᠦᠯ (ᠶᠠᠷᠢ᠍ᠯᠴᠠᠬᠤ ᠨᠤᠤᠷᠠᠭ)》 ᠢ ᠰᠤᠳ᠋ᠤᠯᠤᠨ ᠶᠠᠷᠢ᠍ᠯᠴᠡᠨ᠂ ᠬᠠᠨᠳ᠋ᠤᠯᠭᠠᠳ᠋ᠤ ᠴᠢ᠍ᠨᠠᠷ ᠪᠠ ᠠᠵᠢ᠍ᠯᠭᠠᠳ᠋ᠤ ᠴᠢ᠍ᠨᠠᠷ ᠪᠠᠷ ᠴᠢ᠍ᠩᠭ᠎ᠠ ᠠᠷᠭ᠎ᠠ ᠠᠪᠴᠢ᠍ᠯ ᠢ ᠲᠤᠷᠠᠳ᠋ᠤᠵᠤ᠂ ᠠᠵᠢ᠍ᠯ ᠤᠨ ᠰᠡᠳᠭᠢᠮᠵᠢ ᠶᠢ ᠲᠦ᠋ᠯᠦᠪᠯᠡᠵᠦ ᠠᠵᠢ᠍ᠯ ᠤᠨ ᠭᠤᠤᠯᠳ᠋ᠠᠯᠭ᠎ᠠ ᠶᠢ ᠠᠳᠬᠤᠨ ᠠᠷᠠᠳ ᠤᠨ ᠲᠦ᠋ᠯᠦᠭᠡᠯᠡᠭ᠍ᠴᠢ᠍ᠳ ᠤᠨ ᠬᠦᠳ᠋ᠡᠭᠡ ᠲᠤᠰᠬᠤᠨ ᠢ ᠬᠦᠭ᠍ᠵᠢ᠍ᠭᠦᠯᠦᠨ ᠮᠠᠨᠳ᠋ᠤᠭᠤᠯᠬᠤ ᠳᠤ ᠬᠦᠴᠦᠨ ᠨᠡᠮᠡᠷᠢ᠍ᠯᠡᠬᠦ ᠡᠬᠢᠯᠡᠯᠳ᠋ᠡ ᠶᠢᠨ ᠴᠡᠭ᠌ ᠢ ᠤᠨᠤᠪᠴᠢ᠍ᠲᠠᠢ ᠡᠷᠢ᠍ᠵᠦ ᠭᠠᠷᠭᠠᠭᠰᠠᠨ ᠪᠠᠢ᠌ᠨ᠎ᠠ᠃

ᠬᠤᠷᠠᠯ ᠡᠴᠡ᠂《 ᠠᠵᠦ ᠦᠢ᠍ᠯᠡᠰ ᠬᠦᠭ᠍ᠵᠢ᠍ᠭ᠍ᠰᠡᠨ᠂ ᠠᠮᠢ ᠠᠬᠤᠢ ᠤᠷᠤᠰᠢ᠍ᠨ ᠰᠠᠭᠤᠬᠤ ᠳᠤ ᠲᠤᠬᠢᠷᠠᠮᠵᠢ᠍ᠳ᠋ᠠᠢ᠂ ᠨᠤᠳ᠋ᠤᠭ ᠤᠨ ᠰᠤᠷᠳ᠋ᠠᠯ ᠪᠤᠯᠪᠠᠰᠤᠨ᠂ ᠵᠠᠰᠠᠯᠳ᠋ᠠ ᠪᠦᠳ᠋ᠦᠮᠵᠢ᠍ᠲᠠᠢ᠂ ᠠᠮᠢ᠍ᠳ᠋ᠤᠷᠠᠯ ᠪᠠᠶᠠᠨ ᠴᠢ᠍ᠨᠡᠭᠡᠯᠢ᠍ᠭ᠌》 ᠶᠡᠷᠦᠩᠬᠡᠢ ᠱᠠᠭᠠᠷᠳ᠋ᠠᠯᠭ᠎ᠠ ᠶᠢᠨ ᠲᠤᠭᠤᠷᠢ᠍ᠨ ᠳ᠋ᠥ᠂ ᠠᠵᠤ ᠦᠢ᠍ᠯᠡᠰ᠂ ᠴᠢ᠍ᠳ᠋ᠠᠪᠤᠷᠢ᠍ᠳ᠋ᠠᠨ᠂ ᠰᠤᠶᠤᠯ᠂ ᠠᠮᠢ ᠠᠬᠤᠢ᠂ ᠵᠤᠬᠢᠶᠠᠨ ᠪᠠᠢ᠌ᠭᠤᠯᠤᠯᠳ᠋ᠠ ᠵᠡᠷᠭᠡ ᠲᠠᠪᠤ ᠶᠢ ᠬᠦᠭ᠍ᠵᠢ᠍ᠭᠦᠯᠦᠨ ᠮᠠᠨᠳ᠋ᠤᠭᠤᠯᠬᠤ ᠡᠴᠡ ᠭᠠᠷᠳ᠋ᠠᠵᠤ ᠠᠷᠠᠳ ᠤᠨ ᠲᠦ᠋ᠯᠦᠭᠡᠯᠡᠭ᠍ᠴᠢ᠍ᠳ ᠤᠨ ᠲᠠᠭᠠᠭᠤᠯᠤᠭᠴᠢ ᠦᠢ᠍ᠯᠡᠳ᠋ᠦᠯ ᠪᠠ ᠬᠢᠨᠠᠯᠳ᠋ᠠ ᠶᠢᠨ ᠠᠬᠢᠭᠤᠯᠬᠤ ᠦᠢ᠍ᠯᠡᠳ᠋ᠦᠯ ᠢ ᠭᠦᠢ᠍ᠴᠡᠳ ᠪᠠᠳ᠋ᠠᠷᠠᠭᠤᠯᠵᠤ᠂ ᠬᠦᠳ᠋ᠡᠭᠡ ᠲᠤᠰᠬᠤᠨ ᠢ ᠬᠦᠭ᠍ᠵᠢ᠍ᠭᠦᠯᠦᠨ ᠮᠠᠨᠳ᠋ᠤᠭᠤᠯᠬᠤ ᠤᠬᠠᠭᠤᠯᠤᠭᠴᠢ᠂ ᠵᠢᠱᠢ᠍ᠶᠡᠴᠢ᠂ ᠬᠢᠨᠠᠭᠴᠢ᠂ ᠬᠠᠷᠢ᠍ᠯᠴᠠᠭᠴᠢ ᠪᠤᠯᠵᠤ᠂ ᠠᠵᠢ᠍ᠯ ᠤᠨ ᠠᠴᠢ᠍ᠶᠠᠯᠠᠪᠤᠷᠢ ᠶᠢ ᠲᠠᠰᠤᠷᠠᠯᠳ᠋ᠠ ᠦᠭᠡᠶ ᠰᠢ᠍ᠨᠡᠳᠭᠡᠨ᠂ ᠦᠨᠳ᠋ᠦᠷ ᠴᠢ᠍ᠨᠰᠠᠭ᠎ᠠ ᠶᠢᠨ ᠬᠦᠭ᠍ᠵᠢ᠍ᠯᠳ᠋ᠡ ᠶᠢ ᠬᠦᠭᠡᠭᠡᠴᠡᠯᠳ᠋ᠦᠵᠤ᠂ ᠬᠦᠳ᠋ᠡᠭᠡ ᠲᠤᠰᠬᠤᠨ ᠢ ᠬᠦᠭ᠍ᠵᠢ᠍ᠭᠦᠯᠦᠨ ᠮᠠᠨᠳ᠋ᠤᠭᠤᠯᠬᠤ ᠳᠤ ᠠᠷᠠᠳ ᠤᠨ ᠲᠦ᠋ᠯᠦᠭᠡᠯᠡᠭ᠍ᠴᠢ᠍ᠳ ᠬᠤᠪᠢ ᠨᠡᠮᠡᠷᠢ ᠦᠵᠡᠭᠦᠯᠬᠦ ᠬᠡᠷᠡᠭ᠍ᠲᠠᠢ ᠭᠡᠵᠦ ᠱᠠᠭᠠᠷᠳ᠋ᠠᠭᠰᠠᠨ ᠪᠠᠢ᠌ᠨ᠎ᠠ᠃(ᠯᠸᠢ ᠫᠠᠩ)