ᠤᠳᠤ ᠶᠢᠨ ᠪᠠᠢ᠌ᠷᠢ᠄ ᠨᠠᠮ ᠤᠨ ᠪᠦᠳᠤᠭᠡᠨ ᠪᠠᠢ᠌ᠭᠤᠯᠤᠯᠳᠠ ᠶᠢᠨ ᠠᠵᠢᠯ → ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ᠁
ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ ᠪᠦᠬᠦ ᠺᠠᠳ᠋ᠷ ᠠᠵᠢᠯᠳᠠᠨ ᠢ ᠵᠤᠬᠢᠶᠠᠨ ᠪᠠᠢᠭᠤᠯᠵᠤ ᠰᠠᠢᠨ ᠲᠤᠷ᠎ᠠ ᠶᠢᠨ ᠤᠢᠯᠡᠴᠢᠯᠡᠭᠡ ᠵᠢᠴᠢ ᠤᠯᠤᠰ ᠶᠢᠠᠨ ᠬᠠᠢᠷᠠᠯᠠᠬᠤ ᠡᠷᠡᠬᠦᠯ ᠬᠠᠮᠠᠭᠠᠯᠠᠯ ᠤᠨ ᠠᠵᠢᠯᠯᠠᠭ᠎ᠠ ᠦᠷᠨᠢᠬᠦᠯᠪᠡ


        

       4 ᠰᠠᠷ᠎ᠠ ᠶᠢᠨ14  ᠤ ᠡᠳᠤᠷ ᠤᠨ ᠦᠳᠡ ᠶᠢᠨ ᠡᠮᠤᠨ᠎ᠡ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ ᠶᠢᠨ ᠨᠠᠮ ᠤᠨ ᠡᠬᠦᠷ ᠡᠴᠨ ᠠᠵᠢᠯ ᠤᠨ ᠪᠤᠳᠠᠳᠠᠢ ᠪᠠᠢᠳᠠᠯ ᠪᠠ ᠪᠠᠢᠭᠤᠯᠭ᠎ᠠ ᠶᠢᠨ ᠨᠠᠮ ᠤᠨ ᠭᠡᠰᠢᠬᠦᠨ ᠤ ᠵᠤᠬᠢᠶᠠᠨ ᠪᠠᠢᠭᠤᠯᠤᠯᠳᠠ ᠶᠢᠨ ᠠᠮᠢᠳᠤᠷᠠᠯ ᠢ ᠤᠯᠠᠮ ᠨᠢᠭᠡ ᠠᠯᠬᠤᠮ ᠪᠠᠶᠠᠯᠢᠭᠵᠢᠭᠤᠯᠬᠤ ᠲᠠᠢ ᠤᠶᠠᠯᠳᠤᠭᠤᠯᠤᠨ᠂ ᠰᠠᠢᠨ ᠲᠤᠷ᠎ᠠ ᠶᠢᠨ ᠤᠢᠯᠡᠴᠢᠯᠡᠭᠡᠨ ᠤ ᠠᠵᠢᠯ ᠳᠤ ᠬᠦᠴᠤᠨ ᠨᠡᠮᠡᠷᠢᠯᠡᠨ᠂ ᠪᠠᠢᠭᠤᠯᠭ᠎ᠠ ᠶᠢᠨ ᠪᠦᠬᠦ ᠺᠠᠳ᠋ᠷ ᠠᠵᠢᠯᠳᠠᠨ ᠢ ᠵᠤᠬᠢᠶᠠᠨ ᠪᠠᠢᠭᠤᠯᠵᠤ ᠰᠠᠢᠨ ᠲᠤᠷ᠎ᠠ ᠶᠢᠨ ᠤᠢᠯᠡᠴᠢᠯᠡᠭᠡ ᠵᠢᠴᠢ ᠤᠯᠤᠰ ᠶᠢᠠᠨ ᠬᠠᠢᠷᠠᠯᠠᠬᠤ ᠡᠷᠡᠬᠦᠯ ᠬᠠᠮᠠᠭᠠᠯᠠᠯ ᠤᠨ ᠠᠵᠢᠯᠯᠠᠭ᠎ᠠ ᠦᠷᠨᠢᠬᠦᠯᠪᠡ᠃ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠡᠷᠬᠢᠯᠡᠭᠴᠢ ᠡᠤ ᠴᠢᠩ ᠬᠠᠢ᠂ ᠲᠠᠳ᠋ ᠡᠷᠬᠢᠯᠡᠭᠴᠢ ᠰᠦᠩ ᠯᠢᠶᠠᠨ ᠡᠾᠦ᠋ᠢ᠂ ᠪᠠᠢᠩᠭᠤ ᠶᠢᠨ ᠬᠤᠷᠢᠶᠠᠨ ᠤ ᠨᠠᠷᠢᠨ ᠪᠢᠴᠢᠭ᠌ ᠤᠨ ᠲᠠᠷᠤᠭ᠎ᠠ ᠯᠢ ᠴᠸᠩ ᠬᠦᠸᠸ ᠵᠢᠴᠢ ᠪᠦᠬᠦ ᠺᠠᠳ᠋ᠷ ᠠᠵᠢᠯᠳᠠᠨ ᠲᠤᠰ ᠠᠵᠢᠯᠯᠠᠭ᠎ᠠ ᠳᠤ ᠤᠷᠤᠯᠴᠠᠪᠠ᠃

        
              ᠪᠠᠢᠭᠤᠯᠭ᠎ᠠ ᠶᠢᠨ ᠰᠠᠢᠨ ᠲᠤᠷᠠᠴᠤᠤᠨ ᠫᠤᠤ ᠲᠠᠢ ᠱᠠᠨ ᠴᠡᠴᠡᠷᠯᠢᠭ ᠤᠨ ᠪᠠᠶ᠎ᠠ ᠴᠢᠭᠢᠷᠠᠭᠵᠢᠭᠤᠯᠬᠤ ᠶᠠᠪᠤᠭᠠᠨ ᠵᠠᠮ ᠬᠢᠭᠡᠳ ᠵᠠᠮ ᠤᠨ ᠬᠤᠶᠠᠷ ᠬᠠᠵᠠᠭᠤ ᠬᠠᠪᠢ ᠶᠢᠨ ᠬᠤᠭ ᠨᠤᠪᠰᠢ ᠶᠢ ᠠᠷᠢᠯᠭᠠᠨ ᠴᠡᠪᠡᠷᠯᠡᠬᠦ ᠶᠢᠨ ᠬᠠᠮᠳᠤ᠂ ᠤᠢᠷ᠎ᠠ  ᠬᠠᠪᠢ ᠶᠢᠨ ᠤᠯᠠᠨ ᠲᠦᠮᠨᠨ ᠳᠤ〈 ᠤᠷᠴᠢᠨ ᠲᠤᠭᠤᠷᠢᠨ ᠢ ᠬᠠᠮᠠᠭᠠᠯᠠᠬᠤ ᠳᠤ ᠬᠦᠮᠤᠨ ᠪᠦᠬᠦᠨ ᠬᠠᠷᠢᠭᠤᠴᠠᠯᠭ᠎ᠠ ᠲᠠᠢ〉 ᠭᠡᠳᠡᠭ ᠢ ᠤᠬᠠᠮᠰᠠᠷ ᠡᠴᠨ ᠪᠠᠨ ᠤᠢᠯᠡᠳᠤᠯᠭᠡᠵᠢᠬᠦᠯᠤᠨ᠂ ᠦᠵᠡᠰᠬᠦᠯᠡᠩᠳᠤ ᠰᠠᠢᠬᠠᠨ ᠠᠷᠢᠭᠤᠨ ᠴᠡᠪᠡᠷ ᠤᠷᠤᠰᠢᠨ ᠰᠠᠭᠤᠬᠤ ᠳᠤ ᠲᠤᠬᠢᠷᠠᠮᠵᠢᠳᠠᠢ ᠤᠷᠴᠢᠨ ᠲᠤᠭᠤᠷᠢᠨ ᠢ ᠬᠠᠮᠳᠤᠪᠠᠷ ᠪᠦᠳᠤᠭᠡᠨ ᠪᠠᠢᠭᠤᠯᠬᠤ ᠵᠢ ᠢᠳᠬᠠᠪᠠ᠃

         
                ᠲᠤᠰ ᠤᠳᠠᠭᠠᠨ ᠤ ᠠᠵᠢᠯᠯᠠᠭ᠎ᠠ ᠨᠢ ᠪᠠᠢᠭᠤᠯᠭ᠎ᠠ ᠶᠢᠨ ᠰᠠᠢᠨ ᠲᠤᠷᠠᠴᠤᠤᠨ ᠤᠨ ᠤᠯᠨᠨ ᠲᠦᠮᠨᠨ ᠳᠤ ᠤᠢᠯᠡᠴᠢᠯᠡᠬᠦ᠂ ᠨᠡᠢᠭᠡᠮ ᠳᠤ ᠬᠤᠪᠢ ᠨᠡᠮᠡᠷᠢ ᠦᠵᠡᠬᠦᠯᠬᠦ ᠡᠨᠡᠬᠦ ᠵᠤᠷᠢᠯᠳᠠ ᠵᠢ ᠦᠨᠡᠨ ᠬᠦ ᠪᠤᠳᠠᠳᠠᠢ ᠨᠠᠢᠳᠠᠪᠤᠷᠢᠵᠢᠭᠤᠯᠵᠤ᠂ ᠰᠠᠢᠨ ᠲᠤᠷᠠᠴᠤᠤᠨ ᠦᠪᠡᠷ ᠤᠨ ᠪᠤᠳᠠᠳᠠᠢ ᠠᠵᠢᠯᠯᠠᠭ᠎ᠠ ᠪᠡᠷ ᠶᠢᠠᠨ ᠡᠶ᠎ᠠ ᠵᠤᠬᠢᠴᠠᠯ ᠲᠠᠢ ᠨᠡᠢᠭᠡᠮ ᠢ ᠪᠦᠳᠤᠭᠡᠨ ᠪᠠᠢᠭᠤᠯᠬᠤ ᠰᠠᠢᠨ ᠲᠤᠷ᠎ᠠ ᠶᠢᠨ ᠤᠢᠯᠡᠴᠢᠯᠡᠭᠡᠨ ᠤ ᠤᠢᠯᠠᠭᠠᠭᠳᠠᠬᠤᠨ ᠢ ᠪᠤᠢ ᠪᠤᠯᠭᠠᠨ᠂〈 ᠬᠠᠷᠠᠮ ᠦᠭᠡᠢ ᠵᠤᠷᠢᠭᠤᠯᠬᠤ᠂ ᠨᠦᠬᠦᠷᠰᠡᠭ᠂ ᠬᠠᠷᠢᠯᠴᠠᠨ ᠬᠠᠪᠰᠤᠷᠤᠯᠴᠠᠬᠤ᠂ ᠲᠠᠪᠰᠢᠬᠤ〉 ᠵᠡᠷᠭᠡ ᠰᠠᠢᠨ ᠲᠤᠷ᠎ᠠ ᠶᠢᠨ ᠤᠢᠯᠡᠴᠢᠯᠡᠭᠡᠨ ᠤ ᠵᠤᠷᠢᠭ ᠰᠠᠨᠠᠭ᠎ᠠ ᠶᠢ ᠤᠢᠯᠡᠳᠤᠯᠭᠡᠵᠢᠬᠦᠯᠵᠤ᠂ ᠰᠢᠨ᠎ᠡ ᠴᠠᠭ ᠦᠶ᠎ᠠ ᠶᠢᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠰᠠᠢᠨ ᠰᠠᠢᠬᠠᠨ ᠲᠦᠷᠢ ᠲᠦᠷᠬᠦ ᠶᠢ ᠪᠤᠢ ᠪᠤᠯᠭᠠᠪᠠ᠃(ᠳ᠋ᠠᠢ ᠰᠢᠶᠦ᠋ᠩ)



ᠡᠮᠦᠨᠡᠬᠢ᠄ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠪᠠᠢ᠌ᠭᠤᠯᠭ᠎ᠠ ᠶᠢᠨ ᠨᠠᠮ ᠤᠨ ᠡᠭᠦᠷ ᠨᠠᠮ ᠤᠨ ᠲᠡᠦᠬᠡ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳ᠋ᠤᠭᠤᠯᠪᠠ
ᠳᠠᠷᠠᠭᠠᠬᠢ᠄ ᠰᠢ᠍ᠨ᠎ᠠ ᠴᠠᠭ ᠦᠶ᠎ᠠ ᠶᠢᠨ ᠤᠯᠠᠨ ᠲᠦ᠋ᠮᠡᠨ ᠤ ᠠᠵᠢ᠍ᠯ ᠢ ᠰᠠᠢ᠌ᠳ᠋ᠦᠷ ᠬᠢᠬᠦ ᠴᠢ᠍ᠳ᠋ᠠᠪᠤᠷᠢ ᠪᠠᠨ ᠲᠡᠭᠡᠭᠰᠢᠯᠡᠭᠦᠯᠪᠡ