ᠤᠳᠤ ᠶᠢᠨ ᠪᠠᠢ᠌ᠷᠢ᠄ ᠨᠠᠮ ᠤᠨ ᠪᠦᠳᠤᠭᠡᠨ ᠪᠠᠢ᠌ᠭᠤᠯᠤᠯᠳᠠ ᠶᠢᠨ ᠠᠵᠢᠯ → ᠰᠢ᠍ᠨ᠎ᠠ ᠴᠠᠭ ᠦᠶ᠎ᠠ ᠶᠢᠨ ᠤᠯᠠᠨ ᠲᠦ᠋ᠮᠡᠨ ᠤ᠁
ᠰᠢ᠍ᠨ᠎ᠠ ᠴᠠᠭ ᠦᠶ᠎ᠠ ᠶᠢᠨ ᠤᠯᠠᠨ ᠲᠦ᠋ᠮᠡᠨ ᠤ ᠠᠵᠢ᠍ᠯ ᠢ ᠰᠠᠢ᠌ᠳ᠋ᠦᠷ ᠬᠢᠬᠦ ᠴᠢ᠍ᠳ᠋ᠠᠪᠤᠷᠢ ᠪᠠᠨ ᠲᠡᠭᠡᠭᠰᠢᠯᠡᠭᠦᠯᠪᠡ


        

      ᠨᠠᠮ ᠤᠨ ᠭᠡᠰᠢ᠍ᠭᠦᠨ ᠺᠠᠳ᠋ᠷᠴᠤᠳ ᠤᠨ ᠤᠯᠠᠨ ᠲᠦ᠋ᠮᠡᠨᠴᠢ ᠦᠵᠡᠯᠳ᠋ᠡ ᠶᠢ ᠪᠠᠳ᠋ᠤ ᠪᠡᠬᠢ ᠪᠤᠢ ᠪᠤᠯᠭᠠᠬᠤ ᠶᠢ ᠭᠦᠨᠵᠡᠭᠡᠢ ᠵᠢᠯᠤᠭᠤᠳᠴᠦ᠂ ᠪᠦᠬᠦ ᠨᠠᠮ ᠤᠨ ᠭᠡᠰᠢ᠍ᠭᠦᠨ ᠺᠠᠳ᠋ᠷᠴᠤᠳ ᠤᠨ ᠦᠵᠡᠯ ᠰᠠᠨᠠᠭ᠎ᠠ ᠶᠢ ᠲᠦ᠋ᠪ ᠬᠤᠷᠢ᠍ᠶ᠎ᠠ ᠪᠠ ᠦᠪᠡᠷᠳ᠋ᠡᠭᠡᠨ ᠵᠠᠰᠠᠬᠤ ᠤᠷᠤᠨ ᠤ ᠨᠠᠮ ᠤᠨ ᠬᠤᠷᠢ᠍ᠶ᠎ᠠ᠂ ᠬᠤᠳ᠋ᠠ ᠶᠢᠨ ᠨᠠᠮ ᠤᠨ ᠬᠤᠷᠢ᠍ᠶ᠎ᠠ ᠪᠠ ᠬᠤᠰᠢ᠍ᠭᠤᠨ ᠤ ᠨᠠᠮ ᠤᠨ ᠬᠤᠷᠢ᠍ᠶ᠎ᠠ ᠶᠢᠨ ᠤᠯᠠᠨ ᠲᠦ᠋ᠮᠡᠨ ᠤ ᠠᠵᠢ᠍ᠯ ᠤᠨ ᠱᠠᠭᠠᠷᠳ᠋ᠠᠯᠭ᠎ᠠ ᠲᠡᠶ ᠤᠯᠠᠮ ᠨᠢ᠍ᠭᠡ ᠠᠯᠬᠤᠮ ᠨᠢ᠍ᠭᠡᠳᠭᠡᠬᠦ ᠶᠢᠨ ᠲᠦ᠋ᠯᠦᠭᠡ᠂ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠪᠠᠢ᠌ᠭᠤᠯᠭ᠎ᠠ ᠶᠢᠨ ᠨᠠᠮ ᠤᠨ ᠡᠭᠦᠷ 4 ᠰᠠᠷ᠎ᠠ ᠶᠢᠨ 16 ᠤ ᠡᠳ᠋ᠦᠷ ᠤᠨ ᠦᠳ᠋ᠡ ᠶᠢᠨ ᠬᠤᠢ᠌ᠨ᠎ᠠ᠂ ᠪᠦᠬᠦ ᠨᠠᠮ ᠤᠨ ᠭᠡᠰᠢ᠍ᠭᠦᠨ ᠺᠠᠳ᠋ᠷ ᠠᠵᠢ᠍ᠯᠳ᠋ᠡᠨ ᠢ ᠵᠤᠬᠢᠶᠠᠨ ᠪᠠᠢ᠌ᠭᠤᠯᠵᠤ᠂ ᠶᠡᠷᠦᠩᠬᠡᠢ ᠱᠦ᠋ᠵᠢ ᠰᠢ ᠵᠢᠨ ᠫᠢᠩ ᠤᠨ ᠤᠯᠠᠨ ᠲᠦ᠋ᠮᠡᠨ ᠤ ᠠᠵᠢ᠍ᠯ ᠤᠨ ᠲᠤᠬᠠᠢ ᠴᠢ᠍ᠬᠤᠯᠠ ᠦᠭᠦᠯᠡᠯᠳ᠋ᠡ ᠶᠢ ᠨᠠᠷᠢ᠍ᠨ ᠬᠢᠨᠠᠮᠠᠭᠠᠢ ᠰᠤᠷᠤᠯᠴᠠᠵᠤ ᠲᠤᠭᠤᠰᠢ᠍ᠯᠠᠭᠤᠯᠤᠨ᠂ ᠰᠤᠷᠤᠯᠴᠠᠯᠭ᠎ᠠ ᠶᠢᠨ ᠬᠤᠷᠠᠯ ᠢ ᠨᠠᠮ ᠤᠨ ᠡᠭᠦᠷ ᠤᠨ ᠱᠦ᠋ᠵᠢ ᠯᠢ ᠴᠸᠩ ᠭᠦᠸᠸ ᠡᠷᠬᠢᠯᠡᠨ᠂ ᠨᠠᠮ ᠤᠨ ᠡᠭᠦᠷ ᠤᠨ ᠵᠤᠬᠢᠶᠠᠨ ᠪᠠᠢ᠌ᠭᠤᠯᠬᠤ ᠭᠡᠰᠢ᠍ᠭᠦᠨ ᠪᠤᠤ ᠴᠡᠭᠡᠯᠬᠡᠨ ᠲᠠᠭᠠᠭᠤᠯᠤᠨ ᠰᠤᠷᠤᠯᠴᠠᠵᠤ᠂ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠲᠡᠳ᠋ ᠡᠷᠬᠢᠯᠡᠭ᠍ᠴᠢ ᠰᠦ᠋ᠩ ᠯᠢ᠍ᠶᠠᠨ ᠡᠾᠦ᠋ᠢ ᠡᠩ ᠤᠨ ᠨᠠᠮ ᠤᠨ ᠭᠡᠰᠢ᠍ᠭᠦᠨ ᠤ ᠬᠤᠪᠢ ᠪᠠᠷ ᠨᠠᠮ ᠤᠨ ᠡᠭᠦᠷ ᠤᠨ ᠰᠤᠷᠤᠯᠴᠠᠯᠭ᠎ᠡ ᠳᠤ ᠤᠷᠤᠯᠴᠠᠪᠠ᠃

        
             ᠨᠠᠷᠢ᠍ᠨ ᠬᠢᠨᠠᠮᠠᠭᠠᠢ ᠰᠤᠷᠤᠯᠴᠠᠬᠤ ᠪᠠᠷ ᠲᠠᠮᠵᠢ᠍ᠨ᠂ ᠤᠯᠠᠨ ᠶᠢᠡᠷ ᠶᠢᠡᠨ ᠰᠤᠷᠤᠯᠴᠠᠯᠭ᠎ᠠ ᠪᠠᠷ ᠲᠠᠮᠵᠢ᠍ᠭᠤᠯᠤᠨ ᠤᠯᠠᠨ ᠲᠦ᠋ᠮᠡᠨᠴᠢ ᠱᠤᠭᠤᠮ ᠢ ᠲᠤᠭᠤᠰᠢ᠍ᠯᠠᠭᠤᠯᠬᠤ ᠤᠬᠠᠮᠰᠡᠷᠳ᠋ᠦ ᠴᠢ᠍ᠨᠠᠷ ᠪᠠ ᠡᠷᠡᠰ ᠪᠠᠳ᠋ᠤ ᠴᠢ᠍ᠨᠠᠷ ᠶᠢᠡᠨ ᠤᠯᠠᠮ ᠨᠢ᠍ᠭᠡ ᠠᠯᠬᠤᠮ ᠴᠢ᠍ᠩᠭ᠋ᠠᠳᠬᠠᠪᠠ ᠭᠡᠵᠦ ᠰᠠᠨᠠᠯ ᠨᠢ᠍ᠭᠡᠲᠠᠢ ᠢᠯᠡᠷᠬᠡᠢ᠌ᠯᠡᠪᠡ᠃《 ᠪᠢ ᠤᠯᠠᠨ ᠲᠦ᠋ᠮᠡᠨ ᠳᠤ ᠪᠤᠳ᠋ᠠᠳ᠋ᠤ ᠶᠠᠪᠤᠳ᠋ᠠᠯ ᠬᠢᠵᠦ ᠦᠭ‍ᠬᠦ》 ᠠᠵᠢ᠍ᠯᠯᠠᠭ᠎ᠠ ᠦᠷᠨᠢᠭᠦᠯᠬᠦ ᠪᠠᠷ ᠲᠠᠮᠵᠢ᠍ᠨ᠂ ᠤᠯᠠᠨ ᠲᠦ᠋ᠮᠡᠨᠴᠢ ᠱᠤᠭᠤᠮ ᠢ ᠨᠡᠩ ᠰᠠᠢ᠌ᠳ᠋ᠤᠷ ᠲᠤᠭᠤᠰᠢ᠍ᠯᠠᠭᠤᠯᠵᠤ᠂ ᠤᠯᠠᠨ ᠲᠦ᠋ᠮᠡᠨ ᠤ ᠠᠵᠢ᠍ᠯ ᠲᠡᠭᠡᠷ᠎ᠠ ᠰᠡᠳᠭᠢᠯ ᠲᠠᠯᠪᠢᠨ ᠬᠦᠴᠢ᠍ᠷ ᠵᠤᠪᠠᠯᠠᠩ ᠢ ᠰᠢ᠌ᠳᠪᠦᠷᠢ᠍ᠯᠡᠨ ᠦᠭ᠍ᠴᠦ᠂ ᠤᠯᠠᠨ ᠲᠦ᠋ᠮᠡᠨ ᠤ ᠬᠦᠷᠳ᠋ᠡᠮᠵᠢ ᠶᠢᠨ ᠲᠦ᠋ᠷᠦᠭ᠍ᠳ᠋ᠡᠯ᠂ ᠵᠢᠷᠭᠠᠯᠳ᠋ᠤ ᠲᠦ᠋ᠷᠦᠭ᠍ᠳ᠋ᠡᠯ᠂ ᠠᠮᠤᠷ ᠲᠦ᠋ᠪᠰᠢ᠍ᠨ ᠤ ᠲᠦ᠋ᠷᠦᠭ᠍ᠳ᠋ᠡᠯ ᠢ ᠲᠠᠰᠤᠷᠠᠯᠳ᠋ᠠ ᠦᠭᠡᠶ ᠲᠡᠭᠡᠭ᠍ᠰᠢ᠍ᠯᠡᠭᠦᠯᠦᠨ᠎ᠠ᠃
             


        


        

       ᠬᠤᠷᠠᠯ ᠲᠡᠭᠡᠷ᠎ᠠ ᠪᠠᠰᠠ《 ᠵᠠᠷᠤᠳ ᠬᠤᠰᠢ᠍ᠭᠤᠨ ᠤ ᠬᠤᠭᠤᠴᠠᠭ᠎ᠠ ᠰᠤᠯᠢ᠍ᠬᠤ ᠰᠠᠬᠢᠯᠭ᠎ᠠ ᠪᠠᠳ᠋ᠤ ᠶᠢ ᠴᠢ᠍ᠩᠳ᠋ᠡᠯᠡᠵᠦ ᠬᠤᠭᠤᠴᠠᠭ᠎ᠠ ᠰᠤᠯᠢ᠍ᠬᠤ ᠬᠡᠪ ᠰᠤᠷᠳ᠋ᠠᠯ ᠳᠤ ᠬᠢᠨᠠᠯᠳ᠋ᠠ ᠲᠠᠯᠪᠢᠬᠤ ᠶᠢ ᠴᠢ᠍ᠩᠭ᠋ᠠᠳᠬᠠᠬᠤ ᠠᠵᠢ᠍ᠯ ᠤᠨ ᠬᠡᠷᠡᠭ᠍ᠵᠢ᠍ᠭᠦᠯᠬᠦ ᠲᠦ᠋ᠰᠦᠯ》 《 ᠬᠤᠭᠤᠴᠠᠭ᠎ᠠ ᠰᠤᠯᠢ᠍ᠬᠤ ᠰᠠᠬᠢᠯᠭ᠎ᠠ ᠪᠠᠳ᠋ᠤ ᠶᠢ ᠴᠢ᠍ᠩᠳ᠋ᠡᠯᠡᠵᠦ ᠬᠤᠭᠤᠴᠠᠭ᠎ᠠ ᠰᠤᠯᠢ᠍ᠬᠤ ᠬᠡᠪ ᠰᠤᠷᠳ᠋ᠠᠯ ᠳᠤ ᠬᠢᠨᠠᠯᠳ᠋ᠠ ᠲᠠᠯᠪᠢᠬᠤ ᠶᠢ ᠴᠢ᠍ᠩᠭ᠋ᠠᠳᠬᠠᠬᠤ ᠲᠤᠬᠠᠢ ᠮᠡᠳ᠋ᠡᠭ᠍ᠳ᠋ᠡᠯ》 ᠵᠡᠷᠭᠡ ᠪᠢᠴᠢ᠍ᠭ᠌ ᠮᠠᠲ᠋ᠸᠷᠢ᠍ᠶᠠᠯ ᠤᠨ ᠠᠭᠤᠯᠭ᠎ᠠ ᠶᠢ ᠤᠯᠠᠮᠵᠢ᠍ᠯᠡᠨ ᠰᠤᠷᠤᠯᠴᠠᠭᠰᠠᠨ ᠪᠦᠭᠡᠳ ᠬᠤᠳ᠋ᠠᠯᠳ᠋ᠤᠭ᠎ᠠ ᠡᠵᠡᠩᠨᠡᠬᠦ ᠤᠷᠰᠢ᠍ᠨ ᠨᠦ᠋ᠭᠦᠴᠡᠯ ᠢ ᠡᠪᠳ᠋ᠡᠭ᠍ᠰᠡᠨ ᠠᠰᠠᠭᠤᠳ᠋ᠠᠯ ᠤᠨ ᠲᠤᠬᠠᠢ ᠨᠡᠢ᠌ᠳ᠋ᠡᠯᠢ᠍ᠭ᠌ ᠵᠢᠱᠢ᠍ᠶ᠎ᠠ ᠶᠢ ᠵᠠᠷᠯᠠᠪᠠ᠃(ᠯᠸᠢ ᠫᠠᠩ)


ᠡᠮᠦᠨᠡᠬᠢ᠄ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ ᠪᠦᠬᠦ ᠺᠠᠳ᠋ᠷ ᠠᠵᠢᠯᠳᠠᠨ ᠢ ᠵᠤᠬᠢᠶᠠᠨ ᠪᠠᠢᠭᠤᠯᠵᠤ ᠰᠠᠢᠨ ᠲᠤᠷ᠎ᠠ ᠶᠢᠨ ᠤᠢᠯᠡᠴᠢᠯᠡᠭᠡ ᠵᠢᠴᠢ ᠤᠯᠤᠰ ᠶᠢᠠᠨ ᠬᠠᠢᠷᠠᠯᠠᠬᠤ ᠡᠷᠡᠬᠦᠯ ᠬᠠᠮᠠᠭᠠᠯᠠᠯ ᠤᠨ ᠠᠵᠢᠯᠯᠠᠭ᠎ᠠ ᠦᠷᠨᠢᠬᠦᠯᠪᠡ
ᠳᠠᠷᠠᠭᠠᠬᠢ᠄ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠪᠠᠢ᠌ᠭᠤᠯᠭ᠎ᠠ ᠨᠠᠮ ᠤᠨ ᠲᠡᠦᠬᠡ ᠶᠢᠨ ᠰᠤᠷᠤᠯᠴᠠᠯᠭ᠎ᠠ ᠶᠢᠨ ᠲᠤᠰᠬᠠᠢ ᠰᠡᠳ᠋ᠦᠪᠳ᠋ᠦ ᠨᠠᠮ ᠤᠨ ᠬᠢᠴᠢ᠍ᠶᠡᠯᠯᠡᠭᠡ ᠦᠷᠨᠢᠭᠦᠯᠪᠡ