ᠤᠳᠤ ᠶᠢᠨ ᠪᠠᠢ᠌ᠷᠢ᠄ ᠴᠢᠬᠤᠯᠠ ᠮᠡᠳᠡᠭᠡ → ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠤᠨ᠁
ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠨᠠᠮ ᠤᠨ ᠤᠳ᠋ᠤᠷᠢ᠍ᠳᠬᠤ ᠲᠤᠭᠤᠢ᠌ᠯᠠᠩ ᠶᠡᠷᠦᠩᠬᠡᠢ ᠱᠦ᠋ᠵᠢ ᠰᠢ ᠵᠢᠨ ᠫᠢᠩ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢ᠍ᠯ ᠤᠨ ᠲᠠᠢ᠌ᠴᠢ᠍ᠯᠠᠯᠳ᠋ᠠ ᠶᠢᠨ ᠶᠡᠬᠡ ᠬᠤᠷᠠᠯ ᠲᠡᠭᠡᠷᠡᠬᠢ ᠴᠢ᠍ᠬᠤᠯᠠ ᠶᠠᠷᠢ᠍ᠶᠠᠨ ᠤ ᠵᠤᠷᠢ᠍ᠭ ᠰᠠᠨᠠᠭ᠎ᠠ ᠶᠢ ᠭᠦᠨᠵᠡᠭᠡᠢ ᠰᠤᠷᠤᠯᠴᠡᠨ ᠲᠤᠭᠤᠰᠢ᠍ᠯᠠᠭᠤᠯᠪᠠ


             

     4 ᠰᠠᠷ᠎ᠠ ᠶᠢᠨ 21 ᠤ ᠡᠳ᠋ᠦᠷ᠂ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠨᠠᠮ ᠤᠨ ᠤᠳ᠋ᠤᠷᠢ᠍ᠳᠬᠤ ᠲᠤᠭᠤᠢ᠌ᠯᠠᠩ ᠡᠴᠡ ᠶᠡᠷᠦᠩᠬᠡᠢ ᠱᠦ᠋ᠵᠢ ᠰᠢ ᠵᠢᠨ ᠫᠢᠩ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢ᠍ᠯ ᠤᠨ ᠲᠠᠢ᠌ᠴᠢ᠍ᠯᠠᠯᠳ᠋ᠠ ᠶᠢᠨ ᠶᠡᠬᠡ ᠬᠤᠷᠠᠯ ᠲᠡᠭᠡᠷᠡᠬᠢ ᠴᠢ᠍ᠬᠤᠯᠠ ᠶᠠᠷᠢ᠍ᠶᠠᠨ ᠤ ᠵᠤᠷᠢ᠍ᠭ ᠰᠠᠨᠠᠭ᠎ᠠ ᠶᠢ ᠲᠤᠰᠬᠠᠢ ᠰᠡᠳ᠋ᠦᠪ ᠶᠢᠡᠷ ᠰᠤᠷᠤᠯᠴᠠᠵᠤ᠂ ᠶᠡᠷᠦᠩᠬᠡᠢ ᠱᠦ᠋ᠵᠢ ᠰᠢ ᠵᠢᠨ ᠫᠢᠩ ᠤᠨ ᠦᠪᠦᠷ ᠮᠤᠩᠭ᠋ᠤᠯ ᠤᠨ ᠲᠦ᠋ᠯᠦᠭᠡᠯᠡᠭ᠍ᠴᠢ᠍ᠳ ᠤᠨ ᠪᠦᠯᠬᠦᠮ ᠤᠨ ᠵᠦ᠋ᠪᠯᠡᠬᠦ ᠳᠤ ᠤᠷᠤᠯᠴᠠᠬᠤ ᠦᠶ᠎ᠠ ᠶᠢᠨ ᠴᠢ᠍ᠬᠤᠯᠠ ᠵᠤᠷᠢ᠍ᠭ ᠰᠠᠨᠠᠭ᠎ᠠ ᠶᠢ ᠨᠠᠷᠢ᠍ᠨ ᠬᠢᠨᠠᠮᠠᠭᠠᠢ ᠰᠤᠷᠤᠯᠴᠠᠵᠤ᠂ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠨᠠᠮ ᠤᠨ ᠤᠳ᠋ᠤᠷᠢ᠍ᠳᠬᠤ ᠲᠤᠭᠤᠢ᠌ᠯᠠᠩ ᠤᠨ ᠱᠦ᠋ᠵᠢ ᠡᠦ ᠴᠢ᠍ᠩ ᠬᠠᠢ ᠬᠤᠷᠠᠯ ᠢ ᠡᠷᠬᠢᠯᠡᠨ᠂ ᠤᠳ᠋ᠤᠷᠢ᠍ᠳᠬᠤ ᠲᠤᠭᠤᠢ᠌ᠯᠠᠩ ᠤᠨ ᠪᠦᠬᠦ ᠭᠡᠰᠢ᠍ᠭᠦᠨ ᠬᠤᠷᠠᠯ ᠳᠤ ᠤᠷᠤᠯᠴᠠᠵᠤ᠂ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠲᠡᠳ᠋ ᠡᠷᠬᠢᠯᠡᠭ᠍ᠴᠢ ᠪᠥ᠋ ᠮᠤᠤ ᠰᠢ᠍ᠶᠠᠩ ᠬᠤᠷᠠᠯ ᠳᠤ ᠰᠤᠯᠠ ᠤᠷᠤᠯᠴᠠᠪᠠ᠃

        
            ᠡᠦ ᠴᠢ᠍ᠩ ᠬᠠᠢ ᠡᠴᠡ᠂ ᠲᠦ᠋ᠪ ᠤᠨ ᠪᠠᠢ᠌ᠷᠢ᠍ᠯᠠᠭᠤᠯᠤᠯᠳ᠋ᠠ ᠪᠤᠯᠤᠨ ᠬᠤᠰᠢ᠍ᠭᠤᠨ ᠤ ᠨᠠᠮ ᠤᠨ ᠬᠤᠷᠢ᠍ᠶᠠᠨ ᠤ ᠲᠤᠭᠳ᠋ᠠᠭᠠᠭᠰᠠᠨ ᠬᠠᠷᠠᠯᠳ᠋ᠠ ᠡᠭᠦᠷᠭᠡ᠂ ᠰᠤᠷᠤᠯᠴᠠᠬᠤ ᠠᠭᠤᠯᠭ᠎ᠠ᠂ ᠠᠵᠢ᠍ᠯ ᠤᠨ ᠲᠤᠬᠢᠷᠠᠭᠤᠯᠤᠯᠳ᠋ᠠ ᠶᠢ ᠴᠢ᠍ᠩᠭ᠎ᠠ ᠵᠢᠷᠤᠮᠯᠠᠨ᠂ ᠰᠤᠷᠤᠯᠴᠠᠯᠭ᠎ᠠ ᠬᠦᠮᠦᠵᠢ᠍ᠯ ᠤᠨ ᠲᠦ᠋ᠰᠦᠯ ᠢ ᠲᠤᠭᠳ᠋ᠠᠭᠠᠵᠤ᠂ ᠨᠢ᠍ᠭᠡᠳ᠋ᠦᠯᠳ᠋ᠠᠢ ᠲᠦ᠋ᠯᠦᠪᠵᠢ᠍ᠭᠦᠯᠬᠦ ᠪᠠᠨ ᠴᠢ᠍ᠩᠭ᠋ᠠᠳᠬᠠᠨ᠂ ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢ᠍ᠯ ᠢ ᠡᠳ᠋ᠦᠷ ᠲᠤᠳ᠋ᠤᠮ ᠤᠨ ᠠᠵᠢ᠍ᠯ ᠳᠠᠭᠠᠨ ᠠᠭᠤᠰᠤᠯᠴᠠᠭᠤᠯᠬᠤ ᠶᠢ ᠴᠢ᠍ᠬᠤᠯᠠᠴᠢ᠍ᠯᠠᠵᠤ᠂ ᠰᠤᠷᠤᠯᠴᠠᠯᠭ᠎ᠠ ᠬᠦᠮᠦᠵᠢ᠍ᠯ ᠤᠨ ᠴᠢᠭ᠍ᠯᠡᠭᠦᠯᠦᠯᠳ᠋ᠦ ᠴᠢ᠍ᠨᠠᠷ᠂ ᠪᠤᠳ᠋ᠠᠳ᠋ᠤ ᠦᠷ᠎ᠠ ᠪᠦᠳ᠋ᠦᠮᠵᠢ᠍ᠳ᠋ᠤ ᠴᠢ᠍ᠨᠠᠷ ᠪᠤᠯᠤᠨ ᠲᠠᠳ᠋ᠠᠬᠤ ᠬᠦᠴᠦᠨ᠂ ᠨᠢ᠍ᠭᠳ᠋ᠠᠷᠠᠭᠤᠯᠬᠤ ᠬᠦᠴᠦᠨ ᠢ ᠴᠢ᠍ᠩᠭ᠋ᠠᠳᠬᠠᠵᠤ᠂ ᠲᠤᠰᠬᠠᠢ ᠰᠡᠳ᠋ᠦᠪᠳ᠋ᠦ ᠰᠤᠷᠤᠯᠴᠠᠯᠭ᠎ᠠ ᠶᠢ ᠯᠠᠪᠳ᠋ᠠᠭᠤᠨ ᠪᠠᠳ᠋ᠤᠳ᠋ᠠᠢ ᠰᠠᠢ᠌ᠳ᠋ᠤᠷ ᠠᠳᠬᠤᠨ᠂ ᠰᠤᠷᠤᠯᠴᠠᠯᠭ᠎ᠠ ᠬᠦᠮᠦᠵᠢ᠍ᠯ ᠤᠨ ᠬᠡᠯᠪᠡᠷᠢ ᠶᠢ ᠪᠠᠶᠠᠯᠢ᠍ᠭᠵᠢ᠍ᠭᠤᠯᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢ᠍ᠯ ᠤᠨ ᠲᠤᠭᠤᠷᠢ᠍ᠨ ᠳᠤ ᠭᠤᠤᠯ ᠰᠡᠳ᠋ᠦᠪᠳ᠋ᠦ ᠨᠠᠮ ᠤᠨ ᠡᠳ᠋ᠦᠷ᠂ ᠭᠤᠤᠯ ᠰᠡᠳ᠋ᠦᠪᠳ᠋ᠦ ᠺᠢᠨᠤ᠋ ᠦᠵᠡᠬᠦ᠂ ᠦᠵᠡᠰᠭᠦᠯᠡᠭ᠌ ᠢ ᠲᠤᠭᠤᠷᠢ᠍ᠨ ᠦᠵᠡᠬᠦ ᠵᠡᠷᠭᠡ ᠢᠯᠡ ᠲᠤᠳ᠋ᠤ᠂ ᠠᠮᠢ᠍ᠳ᠋ᠤᠯᠢ᠍ᠭ ᠤᠯᠠᠨ ᠶᠠᠩᠵᠤ ᠶᠢᠨ ᠰᠤᠷᠤᠯᠴᠠᠯᠭ᠎ᠠ ᠶᠢᠨ ᠠᠵᠢ᠍ᠯᠯᠠᠭ᠎ᠠ ᠦᠷᠨᠢᠭᠦᠯᠵᠦ᠂ 《 ᠪᠢ ᠤᠯᠠᠨ ᠲᠦ᠋ᠮᠡᠨ ᠳᠤ ᠪᠤᠳ᠋ᠠᠳ᠋ᠤ ᠶᠠᠪᠤᠳ᠋ᠠᠯ ᠬᠢᠵᠦ ᠦᠭ‍ᠬᠦ》 ᠦᠢ᠍ᠯᠡᠳ᠋ᠦᠯᠭᠡ ᠶᠢᠨ ᠠᠵᠢ᠍ᠯᠯᠠᠭ᠎ᠠ ᠶᠢ ᠭᠦᠨᠵᠡᠭᠡᠢ ᠦᠷᠨᠢᠭᠦᠯᠬᠦ ᠶᠢ ᠪᠠᠷᠢ᠍ᠮᠳ᠋ᠡᠯᠡᠨ᠂ ᠤᠯᠠᠨ ᠲᠦ᠋ᠮᠡᠨ ᠤ ᠪᠠᠴᠢ᠍ᠮ ᠬᠦᠴᠢ᠍ᠷᠳ᠋ᠡᠯ ᠵᠤᠪᠠᠭᠤᠷᠢ ᠵᠦ᠋ᠳ᠋ᠡᠭᠦᠷᠢ ᠬᠦᠰᠡᠯ ᠡᠷᠡᠮᠡᠯᠵᠡᠯ ᠤᠨ ᠠᠰᠠᠭᠤᠳ᠋ᠠᠯ ᠢ ᠰᠢ᠌ᠳᠪᠦᠷᠢ᠍ᠯᠡᠬᠦ ᠶᠢ ᠴᠢ᠍ᠬᠤᠯᠠᠴᠢᠯᠠᠵᠤ᠂ ᠠᠷᠠᠳ ᠤᠯᠠᠨ ᠤ ᠬᠦᠷᠳ᠋ᠡᠮᠵᠢ ᠶᠢᠨ ᠲᠦ᠋ᠷᠦᠭ᠍ᠳ᠋ᠡᠯ᠂ ᠵᠢᠷᠭᠠᠯᠳ᠋ᠤ ᠲᠦ᠋ᠷᠦᠭ᠍ᠳ᠋ᠡᠯ᠂ ᠠᠮᠤᠷ ᠲᠦ᠋ᠪᠰᠢ᠍ᠨ ᠤ ᠲᠦ᠋ᠷᠦᠭ᠍ᠳ᠋ᠡᠯ ᠢ ᠲᠠᠰᠤᠷᠠᠯᠳ᠋ᠠ ᠦᠭᠡᠶ ᠨᠡᠮᠳ᠋ᠡᠭ᠍ᠳ᠋ᠡᠭᠦᠯᠵᠦ᠂ ᠲᠦ᠋ᠯᠦᠭᠡᠯᠡᠭ᠍ᠴᠢ ᠶᠢᠨ ᠪᠤᠯᠪᠠᠰᠤᠷᠠᠯ ᠢ ᠴᠢ᠍ᠩᠭ᠋ᠠᠳᠬᠠᠨ᠂ ᠤᠳ᠋ᠤᠷᠢ᠍ᠳᠬᠤ ᠺᠠᠳ᠋ᠷ ᠲᠦ᠋ᠷᠦᠭᠦᠯᠡᠨ ᠨᠠᠮ ᠤᠨ ᠬᠢᠴᠢ᠍ᠶᠡᠯ ᠤᠷᠤᠵᠤ᠂ ᠮᠤᠩᠭ᠋ᠤᠯ ᠬᠢᠳ᠋ᠠᠳ ᠬᠤᠤᠰ ᠬᠡᠯᠡ ᠪᠠᠷ ᠲᠦ᠋ᠯᠦᠭᠡᠯᠡᠭ᠍ᠴᠢ ᠳᠤ ᠨᠠᠮ ᠤᠨ ᠲᠡᠦᠬᠡ᠂ ᠦᠨᠳ᠋ᠦᠰᠦᠳ᠋ᠡᠨ ᠤ ᠪᠦᠯᠬᠦᠮᠳ᠋ᠡᠯ ᠲᠠᠪᠰᠢ᠍ᠯᠳ᠋ᠠ ᠶᠢᠨ ᠲᠦ᠋ᠷᠢ᠍ᠮ ᠵᠡᠷᠭᠡ ᠶᠢ ᠲᠠᠢ᠌ᠯᠪᠤᠷᠢ᠍ᠯᠠᠵᠤ ᠦᠭ᠍ᠴᠦ᠂ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠪᠤᠳ᠋ᠠᠳ᠋ᠤ ᠪᠠᠢ᠌ᠳ᠋ᠠᠯ ᠳᠤ ᠰᠠᠭᠤᠷᠢ᠍ᠯᠡᠨ᠂ ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢ᠍ᠯ ᠢ《 ᠠᠷᠪᠠᠨ ᠲᠦ᠋ᠷᠪᠡᠳ᠋ᠦᠭᠡᠷ ᠲᠠᠪᠤᠨ ᠵᠢᠯ》 ᠤᠨ ᠲᠦ᠋ᠯᠦᠪᠵᠢ᠍ᠭᠦᠯᠭᠡ ᠶᠢᠨ ᠡᠬᠢᠯᠡᠯᠳ᠋ᠡ ᠶᠢᠨ ᠵᠢᠯ ᠤᠨ ᠡᠯ᠎ᠠ ᠵᠦ᠋ᠢ᠍ᠯ ᠤᠨ ᠭᠤᠤᠯᠳ᠋ᠠᠯᠭ᠎ᠠ ᠲᠡᠶ ᠡᠭᠦᠷᠭᠡ᠂ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠠᠵᠢ᠍ᠯ ᠤᠨ ᠡᠭᠦᠷᠭᠡ ᠶᠢ ᠪᠡᠶᠡᠯᠡᠭᠦᠯᠬᠦ ᠲᠡᠶ ᠤᠶᠠᠯᠳ᠋ᠤᠭᠤᠯᠵᠤ᠂ ᠰᠤᠷᠤᠯᠴᠠᠯᠭ᠎ᠠ ᠬᠦᠮᠦᠵᠢ᠍ᠯ ᠪᠠ ᠤᠨ ᠤ ᠠᠵᠢ᠍ᠯ ᠳᠤ ᠴᠦ᠋ᠮ ᠨᠢ᠍ᠭᠡ ᠬᠤᠪᠢ ᠰᠢ᠍ᠯᠢ᠍ᠳ᠋ᠡᠭ᠌ ᠬᠠᠷᠢ᠍ᠭᠤᠯᠳ᠋ᠠ ᠶᠢᠨ ᠬᠠᠭᠤᠳ᠋ᠠᠰᠤ ᠲᠤᠰᠢ᠍ᠶᠠᠬᠤ ᠶᠢ ᠪᠠᠳ᠋ᠤᠯᠠᠵᠤ᠂ ᠰᠢ᠍ᠯᠢ᠍ᠳ᠋ᠡᠭ᠌ ᠬᠢᠷᠢ ᠪᠦᠳ᠋ᠦᠮᠵᠢ ᠪᠠᠷ ᠨᠠᠮ ᠪᠠᠢ᠌ᠭᠤᠯᠤᠭᠳ᠋ᠠᠭᠰᠠᠨ 100 ᠵᠢᠯ ᠤᠨ ᠤᠢ ᠶᠢ ᠤᠭᠳ᠋ᠤᠬᠤ ᠬᠡᠷᠡᠭ᠍ᠳ᠋ᠠᠢ ᠭᠡᠵᠦ ᠴᠢ᠍ᠬᠤᠯᠠᠴᠢ᠍ᠯᠠᠪᠠ᠃

        
              ᠬᠤᠷᠠᠯ ᠲᠡᠭᠡᠷ᠎ᠠ ᠪᠠᠰᠠ ᠬᠤᠰᠢ᠍ᠭᠤᠨ ᠤ ᠨᠠᠮ ᠤᠨ ᠬᠤᠷᠢ᠍ᠶᠠᠨ ᠤ ᠱᠦ᠋ᠵᠢ ᠪᠠᠢ ᠯᠢ ᠵᠦ ᠶᠢᠨ ᠪᠦᠬᠦ ᠬᠤᠰᠢ᠍ᠭᠤᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢ᠍ᠯ ᠤᠨ ᠲᠠᠢ᠌ᠴᠢ᠍ᠯᠠᠯᠳ᠋ᠠ ᠶᠢᠨ ᠬᠤᠷᠠᠯ ᠲᠡᠭᠡᠷᠡᠬᠢ ᠶᠠᠷᠢ᠍ᠶ᠎ᠠ ᠶᠢ ᠤᠯᠠᠮᠵᠢ᠍ᠯᠡᠨ ᠰᠤᠷᠤᠯᠴᠠᠪᠠ᠃(ᠯᠸᠢ ᠫᠠᠩ)


ᠡᠮᠦᠨᠡᠬᠢ᠄ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢ᠍ᠶ᠎ᠠ ᠶᠢᠨ ᠪᠠᠢ᠌ᠭᠤᠯᠭ᠎ᠠ ᠤᠯᠤᠰ ᠤᠨ ᠠᠮᠤᠷ ᠲᠦ᠋ᠪᠰᠢ᠍ᠨ ᠤ ᠬᠦᠮᠦᠵᠢ᠍ᠯ ᠤᠨ ᠡᠳ᠋ᠦᠷ ᠤᠨ ᠤᠬᠠᠭᠤᠯᠭ᠎ᠠ ᠶᠢᠨ ᠠᠵᠢ᠍ᠯᠯᠠᠭ᠎ᠠ ᠦᠷᠨᠢᠭᠦᠯᠪᠡ
ᠳᠠᠷᠠᠭᠠᠬᠢ᠄ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢ᠍ᠶ᠎ᠠ ᠨᠠᠮ ᠤᠨ ᠤᠳ᠋ᠤᠷᠢ᠍ᠳᠬᠤ ᠲᠤᠭᠤᠢ᠌ᠯᠠᠩ ᠤᠨ ᠬᠤᠷᠠᠯ ᠬᠤᠷᠠᠯᠳ᠋ᠤᠭᠤᠯᠪᠠ