ᠤᠳᠤ ᠶᠢᠨ ᠪᠠᠢ᠌ᠷᠢ᠄ ᠴᠢᠬᠤᠯᠠ ᠮᠡᠳᠡᠭᠡ → ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠤᠨ᠁
ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢ᠍ᠶ᠎ᠠ ᠨᠠᠮ ᠤᠨ ᠤᠳ᠋ᠤᠷᠢ᠍ᠳᠬᠤ ᠲᠤᠭᠤᠢ᠌ᠯᠠᠩ ᠤᠨ ᠬᠤᠷᠠᠯ ᠬᠤᠷᠠᠯᠳ᠋ᠤᠭᠤᠯᠪᠠ


             

     4 ᠰᠠᠷ᠎ᠠ ᠶᠢᠨ 21 ᠤ ᠡᠳ᠋ᠦᠷ᠂ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠨᠠᠮ ᠤᠨ ᠤᠳ᠋ᠤᠷᠢ᠍ᠳᠬᠤ ᠲᠤᠭᠤᠢ᠌ᠯᠠᠩ ᠤᠨ ᠱᠦ᠋ᠵᠢ᠂ ᠡᠷᠬᠢᠯᠡᠭ᠍ᠴᠢ ᠡᠦ ᠴᠢ᠍ᠩ ᠬᠠᠢ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢ᠍ᠶ᠎ᠠ ᠨᠠᠮ ᠤᠨ ᠤᠳ᠋ᠤᠷᠢ᠍ᠳᠬᠤ ᠲᠤᠭᠤᠢ᠌ᠯᠠᠩ ᠤᠨ ᠬᠤᠷᠠᠯ ᠢ ᠡᠷᠬᠢᠯᠡᠨ ᠬᠤᠷᠠᠯᠳ᠋ᠤᠭᠤᠯᠪᠠ᠃ ᠪᠠᠢ᠌ᠩᠭ᠋ᠤ ᠶᠢᠨ ᠬᠤᠷᠢ᠍ᠶᠠᠨ ᠤ ᠨᠠᠮ ᠤᠨ ᠤᠳ᠋ᠤᠷᠢ᠍ᠳᠬᠤ ᠲᠤᠭᠤᠢ᠌ᠯᠠᠩ ᠤᠨ ᠪᠦᠷᠢ᠍ᠯᠳ᠋ᠦᠭᠦᠨ᠂ ᠲᠡᠳ᠋ ᠡᠷᠬᠢᠯᠡᠭ᠍ᠴᠢ ᠡᠦ ᠰᠢ᠍ᠶᠤᠤ᠂ ᠦᠷᠡᠪᠡᠳ᠋ᠦ᠂ ᠰᠦ᠋ᠩ ᠯᠢ᠍ᠶᠠᠨ ᠡᠾᠦ᠋ᠢ᠂ ᠨᠠᠷᠢ᠍ᠨ ᠪᠢᠴᠢ᠍ᠭ᠌ ᠤᠨ ᠲᠠᠷᠤᠭ᠎ᠠ ᠯᠢ ᠴᠸᠩ ᠭᠦᠸᠸ ᠪᠤᠯᠤᠨ ᠨᠠᠮ ᠤᠨ ᠤᠳ᠋ᠤᠷᠢ᠍ᠳᠬᠤ ᠲᠤᠭᠤᠢ᠌ᠯᠠᠩ ᠤᠨ ᠪᠦᠷᠢ᠍ᠯᠳ᠋ᠦᠭᠦᠨ ᠪᠤᠶᠠᠨᠮᠦ᠋ᠩᠬᠡ ᠬᠤᠷᠠᠯ ᠳᠤ ᠤᠷᠤᠯᠴᠠᠵᠤ᠂ ᠪᠠᠢ᠌ᠩᠭ᠋ᠤ ᠶᠢᠨ ᠬᠤᠷᠢ᠍ᠶᠠᠨ ᠤ ᠲᠡᠳ᠋ ᠡᠷᠬᠢᠯᠡᠭ᠍ᠴᠢ ᠪᠥ᠋ ᠮᠤᠤ ᠰᠢ᠍ᠶᠠᠩ ᠬᠤᠷᠠᠯ ᠳᠤ ᠰᠤᠯᠠ ᠤᠷᠤᠯᠴᠠᠪᠠ᠃

        


        
          ᠬᠤᠷᠠᠯ ᠡᠴᠡ《 ᠵᠠᠷᠤᠳ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠪᠦᠬᠦ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠲᠦ᠋ᠯᠦᠭᠡᠯᠡᠭ᠍ᠴᠢ ᠶᠢᠨ〈 ᠬᠦᠳ᠋ᠡᠭᠡ ᠲᠤᠰᠬᠤᠨ ᠢ ᠬᠦᠭ᠍ᠵᠢ᠍ᠭᠦᠯᠦᠨ ᠮᠠᠨᠳ᠋ᠤᠭᠤᠯᠬᠤ ᠳᠤ ᠬᠦᠴᠦᠨ ᠨᠡᠮᠡᠷᠢ᠍ᠯᠡᠬᠦ〉 ᠠᠵᠢ᠍ᠯᠯᠠᠭ᠎ᠠ ᠶᠢ ᠵᠤᠬᠢᠶᠠᠨ ᠪᠠᠢ᠌ᠭᠤᠯᠵᠤ ᠦᠷᠨᠢᠭᠦᠯᠬᠦ ᠲᠤᠬᠠᠢ ᠬᠡᠷᠡᠭ᠍ᠵᠢ᠍ᠭᠦᠯᠬᠦ ᠲᠦ᠋ᠰᠦᠯ (ᠶᠠᠷᠢ᠍ᠯᠴᠠᠬᠤ ᠨᠤᠤᠷᠠᠭ)》 ᠢ ᠶᠠᠷᠢ᠍ᠯᠴᠠᠵᠤ᠂《 ᠪᠦᠬᠦ ᠬᠤᠰᠢ᠍ᠭᠤᠨ ᠤ ᠡᠯ᠎ᠠ ᠱᠠᠳ᠋ᠤᠨ ᠤ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠲᠦ᠋ᠯᠦᠭᠡᠯᠡᠭ᠍ᠴᠢ ᠶᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢ᠍ᠯ ᠳᠤ ᠢᠳ᠋ᠡᠪᠬᠢᠳ᠋ᠠᠢ ᠤᠷᠤᠯᠴᠠᠬᠤ ᠶᠢ ᠲᠠᠷᠤᠮᠠᠯᠯᠠᠨ ᠲᠠᠷᠬᠠᠭᠠᠬᠤ ᠲᠤᠬᠠᠢ ᠵᠠᠷᠤᠳ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠮᠡᠳ᠋ᠡᠭ᠍ᠳ᠋ᠡᠯ (ᠶᠠᠷᠢ᠍ᠯᠴᠠᠬᠤ ᠨᠤᠤᠷᠠᠭ)》 ᠢ ᠶᠠᠷᠢ᠍ᠯᠴᠠᠭᠰᠠᠨ ᠪᠦᠭᠡᠳ ᠪᠠᠢ᠌ᠩᠭ᠋ᠤ ᠶᠢᠨ ᠬᠤᠷᠢ᠍ᠶᠠᠨ ᠤ ᠨᠠᠮ ᠤᠨ ᠪᠠᠢ᠌ᠭᠤᠯᠤᠯᠳ᠋ᠠ ᠶᠢᠨ ᠠᠵᠢ᠍ᠯ ᠢ ᠰᠤᠳ᠋ᠤᠯᠤᠨ ᠪᠠᠢ᠌ᠷᠢ᠍ᠯᠠᠭᠤᠯᠪᠠ᠃

        


        
         ᠬᠤᠷᠠᠯ ᠡᠴᠡ᠂ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠨᠠᠮ ᠤᠨ ᠤᠳ᠋ᠤᠷᠢ᠍ᠳᠬᠤ ᠲᠤᠭᠤᠢ᠌ᠯᠠᠩ ᠤᠨ ᠤᠳ᠋ᠤᠷᠢ᠍ᠳᠬᠤ ᠦᠢ᠍ᠯᠡᠳ᠋ᠦᠯ ᠢ ᠤᠯᠠᠮ ᠨᠢ᠍ᠭᠡ ᠠᠯᠬᠤᠮ ᠴᠢ᠍ᠩᠭ᠋ᠠᠳᠬᠠᠵᠤ᠂ ᠲᠡᠭᠡᠷ᠎ᠠ ᠱᠠᠳ᠋ᠤ ᠨᠢ ᠲᠤᠤᠷ᠎ᠠ ᠱᠠᠳ᠋ᠤ ᠪᠠᠨ ᠲᠠᠭᠠᠭᠤᠯᠬᠤ ᠶᠢ ᠲᠤᠪᠤᠢ᠌ᠯᠭᠠᠨ᠂ ᠲᠭᠤᠷᠢ᠍ᠶᠠᠯ ᠪᠤᠯᠬᠤ ᠦᠢ᠍ᠯᠡᠳ᠋ᠦᠯ ᠢ ᠪᠠᠳ᠋ᠠᠷᠠᠭᠤᠯᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢ᠍ᠯ ᠢ ᠠᠬᠢᠭᠤᠯᠬᠤ ᠬᠢᠭᠡᠳ ᠬᠠᠦᠯᠢ ᠶᠤᠰᠤᠭᠠᠷ ᠡᠭᠦᠷᠭᠡ ᠬᠠᠷᠢ᠍ᠭᠤᠴᠠᠯᠭ᠎ᠠ ᠪᠠᠨ ᠭᠦᠢ᠍ᠴᠡᠳᠭᠡᠬᠦ᠂ ᠪᠦᠬᠦ ᠬᠤᠰᠢ᠍ᠭᠤᠨ ᠤ ᠭᠤᠤᠯ ᠠᠵᠢ᠍ᠯ ᠳᠤ ᠦᠢ᠍ᠯᠡᠴᠢ᠍ᠯᠡᠬᠦ ᠶᠢ ᠤᠷᠭᠠᠨᠢ᠍ᠭ ᠶᠢᠡᠷ ᠤᠶᠠᠯᠳ᠋ᠤᠭᠤᠯᠵᠤ᠂ ᠲᠦ᠋ᠯᠦᠭᠡᠯᠡᠭ᠍ᠴᠢ ᠶᠢᠨ ᠰᠠᠨᠠᠭᠠᠴᠢ᠍ᠯᠭᠠᠳ᠋ᠤ ᠴᠢ᠍ᠨᠠᠷ ᠪᠠ ᠭᠤᠤᠯ ᠴᠤᠭᠴᠠᠳ᠋ᠦ ᠴᠢ᠍ᠨᠠᠷ ᠢ ᠪᠠᠳ᠋ᠠᠷᠠᠭᠤᠯᠬᠤ ᠶᠢ ᠪᠠᠷᠢ᠍ᠮᠳ᠋ᠡᠯᠡᠨ᠂ ᠡᠯ᠎ᠠ ᠱᠠᠳ᠋ᠤᠨ ᠤ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠲᠦ᠋ᠯᠦᠭᠡᠯᠡᠭ᠍ᠴᠢ᠍ᠳ ᠤᠨ ᠨᠠᠮ ᠤᠨ ᠲᠤᠬᠠᠢ ᠬᠠᠢ᠌ᠷ᠎ᠠ ᠰᠡᠳᠭᠢᠯᠭᠡ ᠪᠠᠨ ᠲᠠᠰᠤᠷᠠᠯᠳ᠋ᠠ ᠦᠭᠡᠶ ᠴᠢ᠍ᠩᠭ᠋ᠠᠳᠬᠠᠵᠤ᠂ ᠨᠠᠮ ᠤᠨ ᠦᠭᠡ ᠶᠢ ᠰᠤᠨᠤᠰᠬᠤ᠂ ᠨᠠᠮ ᠶᠢᠡᠨ ᠲᠠᠭᠠᠬᠤ ᠦᠵᠡᠯ ᠰᠠᠨᠠᠭᠠᠨ ᠤ ᠤᠬᠠᠮᠰᠡᠷ ᠪᠠ ᠦᠢ᠍ᠯᠡ ᠠᠵᠢ᠍ᠯᠯᠠᠭᠠᠨ ᠤ ᠤᠬᠠᠮᠰᠡᠷ ᠶᠢᠡᠨ ᠪᠠᠳ᠋ᠤᠳᠬᠠᠨ᠂ ᠲᠡᠦᠬᠡ ᠶᠢ ᠰᠤᠷᠤᠯᠴᠠᠨ ᠶᠤᠰᠤ ᠤᠴᠢ᠍ᠷ ᠢ ᠤᠢ᠌ᠯᠠᠭᠠᠬᠤ᠂ ᠲᠡᠦᠬᠡ ᠶᠢ ᠰᠤᠷᠤᠯᠴᠠᠨ ᠢᠳ᠋ᠡᠭᠡᠯ ᠶᠢᠡᠨ ᠨᠡᠮᠡᠭ᠍ᠳ᠋ᠡᠭᠦᠯᠬᠦ᠂ ᠲᠡᠦᠬᠡ ᠶᠢ ᠰᠤᠷᠤᠯᠴᠡᠨ ᠶᠤᠰᠤ ᠰᠤᠷᠳ᠋ᠠᠬᠤᠨ ᠢ ᠡᠷᠬᠢᠮᠯᠡᠬᠦ᠂ ᠲᠡᠦᠬᠡ ᠶᠢ ᠰᠤᠷᠤᠯᠴᠡᠨ ᠦᠢ᠍ᠯᠡᠳ᠋ᠦᠯᠭᠡᠵᠢ᠍ᠭᠦᠯᠬᠦ ᠶᠢ ᠡᠷᠡᠰ ᠪᠡᠶᠡᠯᠡᠭᠦᠯᠵᠦ᠂ ᠪᠦᠬᠦ ᠬᠤᠰᠢ᠍ᠭᠤᠨ ᠤ《 ᠠᠷᠪᠠᠨ ᠲᠦ᠋ᠷᠪᠡᠳ᠋ᠦᠭᠡᠷ ᠲᠠᠪᠤᠨ ᠵᠢᠯ》 ᠤᠨ ᠲᠦ᠋ᠯᠦᠪᠵᠢ᠍ᠭᠦᠯᠭᠡ ᠶᠢ ᠰᠠᠢ᠌ᠳ᠋ᠤᠷ ᠡᠬᠢᠯᠡᠭᠦᠯᠬᠦ ᠳᠤ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠤᠶᠤᠨ ᠤᠬᠠᠭᠠᠨ ᠪᠠ ᠬᠦᠴᠦᠨ ᠴᠢ᠍ᠳ᠋ᠠᠯ ᠶᠢᠡᠨ ᠡᠷᠭᠦᠵᠦ᠂ ᠰᠢ᠍ᠯᠢ᠍ᠳ᠋ᠡᠭ᠌ ᠠᠮᠵᠢ᠍ᠯᠳ᠋ᠡ ᠪᠠᠷ ᠶᠢᠡᠨ ᠨᠠᠮ ᠪᠠᠢ᠌ᠭᠤᠯᠤᠭᠳ᠋ᠠᠭᠰᠠᠨ 100 ᠵᠢᠯ ᠤᠨ ᠤᠢ ᠳᠤ ᠪᠡᠯᠡᠭ᠌ ᠬᠦᠷᠭᠡᠬᠦ ᠬᠡᠷᠡᠭ᠍ᠲᠠᠢ ᠭᠡᠵᠦ ᠴᠢ᠍ᠬᠤᠯᠠᠴᠢ᠍ᠯᠠᠪᠠ᠃(ᠯᠸᠢ ᠫᠠᠩ)


ᠡᠮᠦᠨᠡᠬᠢ᠄ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠨᠠᠮ ᠤᠨ ᠤᠳ᠋ᠤᠷᠢ᠍ᠳᠬᠤ ᠲᠤᠭᠤᠢ᠌ᠯᠠᠩ ᠶᠡᠷᠦᠩᠬᠡᠢ ᠱᠦ᠋ᠵᠢ ᠰᠢ ᠵᠢᠨ ᠫᠢᠩ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢ᠍ᠯ ᠤᠨ ᠲᠠᠢ᠌ᠴᠢ᠍ᠯᠠᠯᠳ᠋ᠠ ᠶᠢᠨ ᠶᠡᠬᠡ ᠬᠤᠷᠠᠯ ᠲᠡᠭᠡᠷᠡᠬᠢ ᠴᠢ᠍ᠬᠤᠯᠠ ᠶᠠᠷᠢ᠍ᠶᠠᠨ ᠤ ᠵᠤᠷᠢ᠍ᠭ ᠰᠠᠨᠠᠭ᠎ᠠ ᠶᠢ ᠭᠦᠨᠵᠡᠭᠡᠢ ᠰᠤᠷᠤᠯᠴᠡᠨ ᠲᠤᠭᠤᠰᠢ᠍ᠯᠠᠭᠤᠯᠪᠠ
ᠳᠠᠷᠠᠭᠠᠬᠢ᠄ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠪᠠᠢ᠌ᠭᠤᠯᠭ᠎ᠠ《 ᠤᠯᠤᠰ ᠶᠢᠡᠨ ᠬᠠᠢ᠌ᠷᠠᠯᠠᠬᠤ ᠡᠷᠡᠭᠦᠯ ᠬᠠᠮᠠᠭᠠᠯᠠᠯ ᠤᠨ ᠰᠠᠷ᠎ᠠ》 ᠶᠢᠨ ᠴᠡᠪᠡᠷᠯᠡᠭᠡ ᠶᠢᠨ ᠠᠵᠢ᠍ᠯᠯᠠᠭ᠎ᠠ ᠦᠷᠨᠢᠭᠦᠯᠪᠡ