ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠪᠠᠢ᠌ᠭᠤᠯᠭ᠎ᠠ ᠨᠠᠮ ᠤᠨ ᠲᠡᠦᠬᠡ ᠶᠢᠨ ᠰᠤᠷᠤᠯᠴᠠᠯᠭ᠎ᠠ ᠶᠢᠨ ᠲᠤᠰᠬᠠᠢ ᠰᠡᠳ᠋ᠦᠪᠳ᠋ᠦ ᠨᠠᠮ ᠤᠨ ᠬᠢᠴᠢ᠍ᠶᠡᠯᠯᠡᠭᠡ ᠦᠷᠨᠢᠭᠦᠯᠪᠡ

ᠪᠠᠢ᠌ᠭᠤᠯᠭ᠎ᠠ ᠶᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢ᠍ᠯ ᠢ ᠭᠦᠨᠵᠡᠭᠡᠢ ᠠᠬᠢᠭᠤᠯᠤᠨ᠂ ᠪᠠᠢ᠌ᠭᠤᠯᠭ᠎ᠠ ᠶᠢᠨ ᠨᠠᠮ ᠤᠨ ᠭᠡᠰᠢ᠍ᠭᠦᠨ ᠺᠠᠳ᠋ᠷᠴᠤᠳ ᠤᠨ ᠨᠠᠮ ᠤᠨ ᠲᠡᠦᠬᠡ ᠶᠢ ᠰᠤᠷᠤᠯᠴᠠᠬᠤ ᠤᠯᠤᠰ ᠲᠦ᠋ᠷᠦ ᠶᠢᠨ ᠤᠬᠠᠮᠰᠡᠷ᠂ ᠦᠵᠡᠯ ᠰᠠᠨᠠᠭᠠᠨ ᠤ ᠤᠬᠠᠮᠰᠡᠷ ᠢ ᠤᠯᠠᠮ ᠨᠢ᠍ᠭᠡ ᠠᠯᠬᠤᠮ ᠴᠢ᠍ᠩᠭ᠋ᠠᠳᠬᠠᠬᠤ ᠶᠢᠨ ᠲᠦ᠋ᠯᠦᠭᠡ᠂ 4 ᠰᠠᠷ᠎ᠠ ᠶᠢᠨ 23 ᠤ ᠡᠳ᠋ᠦᠷ ᠤᠨ ᠦᠳ᠋ᠡ ᠶᠢᠨ ᠬᠤᠢ᠌ᠨ᠎ᠠ᠂ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠲᠡᠳ᠋ ᠡᠷᠬᠢᠯᠡᠭ᠍ᠴᠢ ᠰᠦ᠋ᠩ ᠯᠢ᠍ᠶᠠᠨ ᠡᠾᠦ᠋ᠢ ᠨᠦ᠋ᠬᠦᠷ ᠪᠠᠢ᠌ᠭᠤᠯᠭ᠎ᠠ ᠶᠢᠨ ᠪᠦᠬᠦ ᠨᠠᠮ ᠤᠨ ᠭᠡᠰᠢ᠍ᠭᠦᠨ ᠺᠠᠳ᠋ᠷᠴᠤᠳ ᠲᠤ ᠨᠠᠮ ᠤᠨ ᠲᠡᠦᠬᠡ ᠶᠢᠨ ᠰᠤᠷᠤᠯᠴᠠᠯᠭ᠎ᠠ ᠶᠢᠨ ᠲᠤᠰᠬᠠᠢ ᠰᠡᠳ᠋ᠦᠪᠳ᠋ᠤ ᠨᠠᠮ ᠤᠨ ᠬᠢᠴᠢ᠍ᠶᠡᠯᠯᠡᠭᠡ ᠬᠢᠵᠦ᠂ ᠬᠤᠷᠠᠯ ᠢ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠲᠡᠳ᠋ ᠡᠷᠬᠢᠯᠡᠭ᠍ᠴᠢ ᠡᠦ ᠰᠢ᠍ᠶᠤᠤ ᠡᠷᠬᠢᠯᠡᠪᠡ᠃


ᠰᠦ᠋ᠩ ᠯᠢ᠍ᠶᠠᠨ ᠡᠾᠦ᠋ᠢ ᠲᠡᠳ᠋ ᠡᠷᠬᠢᠯᠡᠭ᠍ᠴᠢ ᠡᠴᠡ《 ᠨᠠᠮ ᠤᠨ ᠲᠡᠦᠬᠡ ᠶᠢᠨ〈 ᠲᠦ᠋ᠷᠪᠡᠨ ᠴᠢ᠍ᠬᠤᠯᠠ〉 ᠡᠴᠡ ᠨᠠᠮ ᠤᠨ ᠲᠡᠦᠬᠡ ᠶᠢᠨ〈 ᠲᠦ᠋ᠷᠪᠡᠨ ᠲᠡᠦᠬᠡ〉 ᠶᠢ ᠤᠢ᠌ᠯᠠᠭᠠᠬᠤ》 ᠪᠠᠷ ᠰᠡᠳ᠋ᠦᠪ ᠪᠤᠯᠭᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢ᠍ᠯ ᠤᠨ ᠴᠢ᠍ᠬᠤᠯᠠ ᠶᠡᠬᠡ ᠠᠴᠢ ᠬᠤᠯᠪᠤᠭᠳ᠋ᠠᠯ ᠢ ᠭᠦᠨᠵᠡᠭᠡᠢ ᠲᠠᠨᠢᠬᠤ ᠶᠢᠨ ᠲᠤᠭᠤᠷᠢ᠍ᠨ ᠳᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢ᠍ᠯ ᠤᠨ ᠦᠵᠡᠯ ᠰᠠᠨᠠᠭᠠᠨ ᠤ ᠤᠬᠠᠮᠰᠡᠷ᠂ ᠤᠯᠤᠰ ᠲᠦ᠋ᠷᠦ ᠶᠢᠨ ᠤᠬᠠᠮᠰᠡᠷ᠂ ᠦᠢ᠍ᠯᠡ ᠠᠵᠢ᠍ᠯᠯᠠᠭᠠᠨ ᠤ ᠤᠬᠠᠮᠰᠡᠷ ᠢ ᠴᠢ᠍ᠩᠭ᠋ᠠᠳᠬᠠᠨ᠂ ᠨᠠᠮ ᠤᠨ ᠲᠡᠦᠬᠡ ᠶᠢᠨ ᠲᠦ᠋ᠷᠪᠡᠨ ᠴᠢ᠍ᠬᠤᠯᠠ》 ᠡᠴᠡ ᠨᠠᠮ ᠤᠨ《 ᠲᠦ᠋ᠷᠪᠡᠨ ᠲᠠᠦᠬᠡ》 ᠶᠢ ᠤᠢ᠌ᠯᠠᠭᠠᠵᠤ᠂ ᠨᠠᠮ ᠤᠨ ᠰᠢ᠍ᠨ᠎ᠠ ᠡᠭᠦᠳ᠋ᠦᠯᠳ᠋ᠡ ᠶᠢᠨ ᠤᠨᠤᠯ ᠶᠢᠡᠷ ᠲᠠᠷᠢ᠍ᠬᠢ ᠲᠤᠯᠤᠭᠠᠢ ᠪᠠᠨ ᠵᠡᠪᠰᠡᠭᠯᠡᠨ᠂ ᠦᠢ᠍ᠯᠡᠳ᠋ᠦᠯᠭᠡ ᠪᠠᠨ ᠵᠢᠯᠤᠭᠤᠳ᠋ᠤᠭᠤᠯᠵᠤ᠂ ᠠᠵᠢ᠍ᠯ ᠶᠢᠡᠨ ᠠᠬᠢᠭᠤᠯᠬᠤ ᠬᠤᠶᠠᠷ ᠲᠠᠯ᠎ᠠ ᠡᠴᠡ ᠲᠤᠮᠳ᠋ᠠᠳ᠋ᠤ ᠤᠯᠤᠰ ᠤᠨ ᠡᠪ ᠬᠠᠮᠳ᠋ᠤ ᠨᠠᠮ ᠤᠨ ᠰᠢ᠍ᠷᠭᠠᠭᠤ ᠬᠠᠳ᠋ᠠᠭᠤᠵᠢ᠍ᠯᠳ᠋ᠠᠢ ᠲᠡᠮᠡᠴᠡᠭ᠍ᠰᠡᠨ ᠲᠡᠦᠬᠡ ᠶᠢ ᠭᠦᠨᠵᠡᠭᠡᠢ ᠦᠭᠦᠯᠡᠨ᠂ ᠪᠠᠢ᠌ᠭᠤᠯᠭ᠎ᠠ ᠶᠢᠨ ᠨᠠᠮ ᠤᠨ ᠭᠡᠰᠢ᠍ᠭᠦᠨ ᠺᠠᠳ᠋ᠷᠴᠤᠳ ᠤᠨ ᠰᠢ᠍ᠨ᠎ᠠ ᠴᠠᠭ ᠦᠶ᠎ᠠ ᠳᠤ ᠤᠭ ᠰᠠᠨᠠᠭ᠎ᠠ ᠡᠭᠦᠷᠭᠡ ᠬᠠᠷᠢ᠍ᠭᠤᠴᠠᠯᠭ᠎ᠠ ᠪᠠ ᠭᠠᠪᠢᠶ᠎ᠠ ᠪᠠᠢ᠌ᠭᠤᠯᠵᠤ ᠦᠢ᠍ᠯᠡᠰ ᠪᠤᠰᠬᠠᠬᠤ ᠢᠳ᠋ᠡᠭᠡᠯ ᠵᠤᠷᠢ᠍ᠭ ᠢ ᠤᠯᠠᠮ ᠨᠢ᠍ᠭᠡ ᠠᠯᠬᠤᠮ ᠪᠠᠳ᠋ᠤᠳᠬᠠᠪᠠ᠃

ᠬᠤᠷᠠᠯ ᠡᠴᠡ᠂ ᠪᠠᠢ᠌ᠭᠤᠯᠭ᠎ᠠ ᠶᠢᠨ ᠪᠦᠬᠦ ᠨᠠᠮ ᠤᠨ ᠭᠡᠰᠢ᠍ᠭᠦᠨ ᠺᠠᠳ᠋ᠷᠴᠤᠳ ᠨᠠᠮ ᠤᠨ ᠲᠡᠦᠬᠡ ᠶᠢ ᠰᠤᠷᠤᠯᠴᠠᠬᠤ ᠶᠢ ᠴᠢ᠍ᠬᠤᠯᠠ ᠤᠯᠤᠰ ᠲᠦ᠋ᠷᠦ ᠶᠢᠨ ᠡᠭᠦᠷᠭᠡ ᠪᠤᠯᠭᠠᠵᠤ᠂ ᠨᠠᠮ ᠤᠨ ᠲᠡᠦᠬᠡ᠂ ᠰᠢ᠍ᠨ᠎ᠠ ᠲᠤᠮᠳ᠋ᠠᠳ᠋ᠤ ᠤᠯᠤᠰ ᠤᠨ ᠲᠡᠦᠬᠡ᠂ ᠦᠭᠡᠷᠡᠴᠢ᠍ᠯᠡᠯᠳ᠋ᠡ ᠨᠡᠭᠡᠭᠡᠯᠳ᠋ᠡ ᠶᠢᠨ ᠲᠡᠦᠬᠡ᠂ ᠨᠡᠢ᠌ᠭᠡᠮ ᠵᠢᠷᠤᠮ ᠤᠨ ᠬᠦᠭ᠍ᠵᠢ᠍ᠯᠳ᠋ᠡ ᠶᠢᠨ ᠲᠡᠦᠬᠡ ᠶᠢ ᠨᠠᠷᠢ᠍ᠨ ᠬᠢᠨᠠᠮᠠᠭᠠᠢ ᠰᠤᠷᠤᠯᠴᠠᠨ᠂ ᠶᠡᠷᠦᠩᠬᠡᠢ ᠱᠦ᠋ᠵᠢ ᠰᠢ ᠵᠢᠨ ᠫᠢᠩ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢ᠍ᠯ ᠤᠨ ᠲᠠᠢ᠌ᠴᠢ᠍ᠯᠡᠯᠳ᠋ᠡ ᠶᠢᠨ ᠬᠤᠷᠠᠯ ᠲᠡᠭᠡᠷᠡᠬᠢ ᠴᠢ᠍ᠬᠤᠯᠠ ᠶᠠᠷᠢ᠍ᠶᠠᠨ ᠤ ᠵᠤᠷᠢ᠍ᠭ ᠰᠠᠨᠠᠭ᠎ᠠ ᠶᠢ ᠰᠢ᠍ᠰᠲ᠋ᠸᠮ ᠲᠡᠶ ᠰᠤᠷᠤᠯᠴᠠᠵᠤ᠂ ᠨᠠᠮ ᠤᠨ ᠲᠡᠮᠡᠴᠡᠯ ᠤᠨ ᠦᠩᠭᠡᠷᠡᠯᠳ᠋ᠡ ᠪᠤᠯᠤᠨ ᠠᠭᠤᠤ ᠶᠡᠬᠡ ᠠᠮᠵᠢ᠍ᠯᠳ᠋ᠡ ᠪᠦᠳ᠋ᠦᠮᠵᠢ ᠪᠠᠷ ᠲᠡᠮᠡᠴᠡᠯ ᠤᠨ ᠵᠤᠷᠢ᠍ᠭ ᠶᠢᠡᠨ ᠬᠦᠪᠴᠢ᠍ᠯᠡᠨ᠂ ᠴᠢᠭ᠍ᠯᠡᠯ ᠶᠢᠡᠨ ᠲᠤᠳ᠋ᠤᠷᠬᠠᠢ᠌ᠯᠠᠵᠤ᠂ ᠨᠠᠮ ᠤᠨ ᠢᠷᠠᠭᠤ ᠠᠯᠳ᠋ᠠᠷᠳ᠋ᠤ ᠤᠯᠠᠮᠵᠢ᠍ᠯᠠᠯ ᠪᠤᠯᠤᠨ ᠰᠢ᠍ᠯᠢ᠍ᠳ᠋ᠡᠭ᠌ ᠰᠤᠷᠳ᠋ᠠᠯ ᠶᠢᠡᠷ ᠢᠳ᠋ᠡᠭᠡᠯ ᠵᠤᠷᠢ᠍ᠭ ᠶᠢᠡᠨ ᠪᠠᠳ᠋ᠤᠳᠬᠠᠨ᠂ ᠪᠠᠳ᠋ᠤ ᠴᠢ᠍ᠩᠭ᠎ᠠ ᠲᠡᠦᠬᠡ ᠶᠢᠨ ᠡᠭᠦᠷᠭᠡᠯᠡᠯ ᠶᠢᠡᠷ ᠴᠠᠭ ᠦᠶ᠎ᠠ ᠡᠴᠡ ᠤᠯᠭᠤᠭᠰᠠᠨ ᠡᠭᠦᠷᠭᠡ ᠬᠠᠷᠢ᠍ᠭᠤᠴᠠᠯᠭ᠎ᠠ ᠶᠢ ᠡᠭᠦᠷᠭᠡᠯᠡᠬᠦ ᠬᠡᠷᠡᠭ᠍ᠲᠠᠢ ᠭᠡᠵᠠᠢ᠃(ᠯᠸᠢ ᠫᠠᠩ)