ᠤᠳᠤ ᠶᠢᠨ ᠪᠠᠢ᠌ᠷᠢ᠄ ᠴᠢᠬᠤᠯᠠ ᠮᠡᠳᠡᠭᠡ → ᠬᠤᠳ᠋ᠠ ᠶᠢᠨ ᠨᠠᠮ ᠤᠨ ᠲᠡᠦᠬᠡ ᠶᠢᠨ ᠰᠤᠷᠤᠯᠴᠠᠯᠭ᠎ᠠ᠁
ᠬᠤᠳ᠋ᠠ ᠶᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢ᠍ᠯ ᠤᠨ ᠨᠢ᠋ᠮᠠᠳ᠋ᠤᠭᠠᠷ ᠪᠠᠢ᠌ᠴᠠᠭᠠᠨ ᠵᠢᠯᠤᠭᠤᠳᠬᠤ ᠲᠤᠭᠤᠢ᠌ᠯᠠᠩ ᠤᠨ ᠬᠢᠨ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠨᠠᠮ ᠤᠨ ᠤᠳ᠋ᠤᠷᠢ᠍ᠳᠬᠤ ᠲᠤᠭᠤᠢ᠌ᠯᠠᠩ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢ᠍ᠯ ᠦᠷᠨᠢᠭᠦᠯᠦᠭ᠍ᠰᠡᠨ ᠪᠠᠢ᠌ᠳ᠋ᠠᠯ ᠢ ᠪᠠᠢ᠌ᠴᠠᠭᠠᠨ ᠵᠢᠯᠤᠭᠤᠳᠪᠠ

                           

                4 ᠰᠠᠷ᠎ᠠ ᠶᠢᠨ 27 ᠊ᠤ ᠡᠳ᠋ᠦᠷ᠂ ᠋ᠲᠦ᠋ᠩᠯᠢ᠍ᠶᠤᠤ ᠬᠤᠳ᠋ᠠ ᠶᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢ᠍ᠯ ᠤᠨ ᠨᠢ᠋ᠮᠠᠳ᠋ᠤᠭᠠᠷ ᠪᠠᠢ᠌ᠴᠠᠭᠠᠨ ᠵᠢᠯᠤᠭᠤᠳᠬᠤ ᠲᠤᠭᠤᠢ᠌ᠯᠠᠩ ᠤᠨ ᠮᠸᠨ ᠱᠦ ᠭᠦᠢ ᠨᠡᠷ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠨᠠᠮ ᠤᠨ ᠤᠳ᠋ᠤᠷᠢ᠍ᠳᠬᠤ ᠲᠤᠭᠤᠢ᠌ᠯᠠᠩ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢ᠍ᠯ ᠦᠷᠨᠢᠭᠦᠯᠦᠭ᠍ᠰᠡᠨ ᠪᠠᠢ᠌ᠳ᠋ᠠᠯ ᠢ ᠪᠠᠢ᠌ᠴᠠᠭᠠᠨ ᠵᠢᠯᠤᠭᠤᠳᠪᠠ᠃ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠲᠡᠳ᠋ ᠡᠷᠬᠢᠯᠡᠭ᠍ᠴᠢ ᠡᠦ ᠰᠢ᠍ᠶᠤᠤ᠂ ᠪᠥ᠋ ᠮᠤᠤ ᠰᠢ᠍ᠶᠠᠩ᠂ ᠰᠦ᠋ᠩ ᠯᠢ᠍ᠶᠠᠨ ᠡᠾᠦ᠋ᠢ᠂ ᠨᠠᠷᠢ᠍ᠨ ᠪᠢᠴᠢ᠍ᠭ᠌ ᠤᠨ ᠲᠠᠷᠤᠭ᠎ᠠ ᠯᠢ ᠴᠸᠩ ᠭᠦᠸᠸ ᠬᠠᠷᠢ᠍ᠭᠤ ᠮᠡᠳ᠋ᠡᠭᠦᠯᠦᠯᠳ᠋ᠡ ᠶᠢᠨ ᠬᠤᠷᠠᠯ ᠳᠤ ᠤᠷᠤᠯᠴᠠᠪᠠ᠃

               

               

                
                     ᠵᠢᠯᠤᠭᠤᠳᠬᠤ ᠳᠤᠭᠤᠢ᠌ᠯᠠᠩ ᠤᠨ ᠬᠢᠨ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠲᠡᠳ᠋ ᠡᠷᠬᠢᠯᠡᠭ᠍ᠴᠢ ᠡᠦ ᠰᠢ᠍ᠶᠤᠤ ᠶᠢᠨ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢ᠍ᠯ ᠦᠷᠨᠢᠭᠦᠯᠦᠭ᠍ᠰᠡᠨ ᠪᠠᠢ᠌ᠳ᠋ᠠᠯ ᠤᠨ ᠲᠤᠬᠠᠢ ᠬᠠᠷᠢ᠍ᠭᠤ ᠮᠡᠳ᠋ᠡᠭᠦᠯᠦᠯᠳ᠋ᠡ ᠶᠢ ᠨᠠᠷᠢ᠍ᠨ ᠬᠢᠨᠠᠮᠠᠭᠠᠢ ᠰᠤᠨᠤᠰᠴᠦ᠂ ᠬᠠᠮᠢ᠍ᠶ᠎ᠠ ᠪᠦᠬᠦᠢ ᠲᠠᠩᠰᠠ ᠡᠪᠬᠡᠮᠡᠯ ᠤᠨ ᠮᠠᠲ᠋ᠸᠷᠢ᠍ᠶᠠᠯ ᠢ ᠨᠠᠷᠢ᠍ᠯᠢ᠍ᠭ ᠪᠠᠢ᠌ᠴᠠᠭᠠᠨ ᠦᠵᠡᠬᠦ ᠶᠢᠨ ᠬᠠᠮᠳ᠋ᠤ᠂ ᠪᠠᠢ᠌ᠩᠭ᠋ᠤ ᠶᠢᠨ ᠬᠤᠷᠢ᠍ᠶᠠᠨ ᠤ ᠨᠠᠮ ᠤᠨ ᠤᠳ᠋ᠤᠷᠢ᠍ᠳᠬᠤ ᠲᠤᠭᠤᠢ᠌ᠯᠠᠩ ᠤᠨ ᠪᠦᠷᠢ᠍ᠯᠳ᠋ᠦᠭᠦᠨ ᠭᠡᠰᠢ᠍ᠭᠦᠨ ᠲᠡᠶ ᠶᠠᠷᠢ᠍ᠯᠴᠡᠪᠡ᠃

              
                     ᠵᠢᠯᠤᠭᠤᠳᠬᠤ ᠲᠤᠭᠤᠢ᠌ᠯᠠᠩ ᠤᠨ ᠬᠢᠨ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢ᠍ᠯ ᠦᠷᠨᠢᠭᠦᠯᠦᠭ᠍ᠰᠡᠨ ᠪᠠᠢ᠌ᠳ᠋ᠠᠯ ᠢ ᠭᠦᠢ᠍ᠴᠡᠳ ᠨᠤᠳ᠋ᠠᠯᠠᠭᠰᠠᠨ ᠮᠦ᠋ᠷᠳ᠋ᠡᠭᠡᠨ ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢ᠍ᠯ ᠢ ᠤᠯᠠᠮ ᠨᠢ᠍ᠭᠡ ᠠᠯᠬᠤᠮ ᠰᠠᠢ᠌ᠳ᠋ᠤᠷ ᠦᠷᠨᠢᠭᠦᠯᠬᠦ ᠳᠤ ᠵᠢᠯᠤᠭᠤᠳᠬᠤ ᠰᠠᠨᠠᠯ ᠪᠠ ᠪᠤᠳ᠋ᠠᠳ᠋ᠠᠢ ᠱᠠᠭᠠᠷᠳ᠋ᠠᠯᠭ᠎ᠠ ᠲᠤᠷᠠᠳᠪᠠ᠃ ᠵᠢᠯᠤᠭᠤᠳᠬᠤ ᠲᠤᠭᠤᠢ᠌ᠯᠠᠩ ᠤᠨ ᠲᠠᠷᠤᠭ᠎ᠠ ᠮᠸᠨ ᠱᠦ ᠭᠦᠢ ᠡᠴᠡ᠂ ᠤᠯᠤᠰ ᠲᠦ᠋ᠷᠦ ᠶᠢᠨ ᠵᠤᠭᠰᠤᠴᠠ ᠪᠠᠨ ᠲᠡᠭᠡᠭ᠍ᠰᠢ᠍ᠯᠡᠬᠦᠯᠦᠨ᠂ ᠲᠦ᠋ᠪ ᠤᠨ ᠪᠠ ᠦᠪᠡᠷᠳ᠋ᠡᠭᠡᠨ ᠵᠠᠰᠠᠬᠤ ᠤᠷᠤᠨ ᠤ ᠨᠠᠮ ᠤᠨ ᠬᠤᠷᠢ᠍ᠶ᠎ᠠ ᠪᠤᠯᠤᠨ ᠬᠤᠳ᠋ᠠ ᠶᠢᠨ ᠨᠠᠮ ᠤᠨ ᠬᠤᠷᠢ᠍ᠶᠠᠨ ᠤ ᠪᠠᠢ᠌ᠷᠢ᠍ᠯᠠᠭᠤᠯᠤᠯᠳ᠋ᠠ ᠶᠢᠨ ᠱᠠᠭᠠᠷᠳ᠋ᠠᠯᠭ᠎ᠠ ᠪᠠᠷ ᠪᠠᠷᠢ᠍ᠮᠵᠢ᠍ᠶᠠᠯᠠᠨ ᠬᠠᠷᠭᠤᠭᠤᠯᠵᠤ᠂ ᠭᠤᠤᠯ ᠴᠤᠭᠴᠠ ᠶᠢᠨ ᠬᠠᠷᠢ᠍ᠭᠤᠴᠠᠯᠭ᠎ᠠ ᠪᠠᠨ ᠰᠠᠢ᠌ᠳ᠋ᠦᠷ ᠭᠦᠢ᠍ᠴᠡᠳᠭᠡᠨ᠂ ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢ᠍ᠯ ᠢ ᠴᠢ᠍ᠬᠤᠯᠠ ᠤᠯᠤᠰ ᠲᠦ᠋ᠷᠦ ᠶᠢᠨ ᠡᠭᠦᠷᠭᠡ ᠪᠤᠯᠭᠠᠵᠤ᠂ ᠨᠠᠷᠢ᠍ᠨ ᠨᠢ᠍ᠮᠪᠠᠢ ᠵᠤᠬᠢᠶᠠᠨ ᠪᠠᠢ᠌ᠭᠤᠯᠵᠤ᠂ ᠯᠠᠪᠳ᠋ᠠᠭᠤᠨ ᠪᠠᠳ᠋ᠤᠳ᠋ᠠᠢ ᠠᠬᠢᠭᠤᠯᠤᠨ᠂ ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢ᠍ᠯ ᠦᠷᠨᠢᠭᠦᠯᠬᠦ ᠶᠢ ᠨᠠᠮ ᠪᠠᠢ᠌ᠭᠤᠯᠤᠭᠳ᠋ᠠᠭᠰᠠᠨ ᠵᠠᠭᠤᠨ ᠵᠢᠯ ᠤᠨ ᠤᠢ ᠶᠢ ᠪᠡᠯᠭᠡᠯᠡᠬᠦ᠂ ᠶᠡᠷᠦᠩᠬᠡᠢ ᠱᠦ᠋ᠵᠢ ᠰᠢ ᠵᠢᠨ ᠫᠢᠩ ᠤᠨ ᠴᠢ᠍ᠬᠤᠯᠠ ᠶᠠᠷᠢ᠍ᠶᠠᠨ ᠤ ᠵᠤᠷᠢ᠍ᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢ᠍ᠯᠠᠭᠤᠯᠬᠤ ᠲᠡᠶ ᠤᠶᠠᠯᠳ᠋ᠤᠭᠤᠯᠤᠨ᠂ ᠰᠤᠷᠤᠯᠴᠠᠯᠭ᠎ᠠ ᠶᠢᠨ ᠭᠤᠤᠯᠳ᠋ᠠᠯᠭ᠎ᠠ ᠶᠢ ᠡᠵᠡᠮᠰᠢ᠍ᠵᠤ᠂ ᠨᠠᠷᠢ᠍ᠯᠢ᠍ᠭᠵᠢ᠍ᠭᠤᠯᠤᠭᠰᠠᠨ ᠠᠬᠢᠴᠡ ᠶᠢᠨ ᠲᠤᠬᠢᠷᠠᠭᠤᠯᠤᠯᠳ᠋ᠠ᠂ ᠡᠯ᠎ᠠ ᠵᠦ᠋ᠢ᠍ᠯ ᠤᠨ ᠠᠵᠢ᠍ᠯ ᠢ ᠦᠨᠳ᠋ᠦᠷ ᠪᠠᠷᠢ᠍ᠮᠵᠢ᠍ᠶ᠎ᠠ ᠪᠠᠷ ᠴᠢ᠍ᠨᠠᠷ ᠰᠠᠢ᠌ᠳ᠋ᠠᠢ ᠬᠢᠵᠦ᠂ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠤᠨᠴᠠᠯᠢ᠍ᠭ ᠢ ᠲᠤᠪᠤᠢ᠌ᠯᠭᠠᠨ᠂ ᠰᠤᠷᠤᠯᠴᠠᠬᠤ ᠬᠡᠯᠪᠡᠷᠢ ᠶᠢᠨ ᠰᠢ᠍ᠨ᠎ᠠ ᠶᠢ ᠡᠭᠦᠳᠴᠦ᠂《ᠪᠢ ᠤᠯᠠᠨ ᠲᠦ᠋ᠮᠡᠨ ᠳᠤ ᠪᠤᠳ᠋ᠠᠳ᠋ᠤ ᠶᠠᠪᠤᠳ᠋ᠠᠯ ᠬᠢᠬᠦ》ᠦᠢ᠍ᠯᠡᠳ᠋ᠦᠯᠭᠡ ᠶᠢᠨ ᠠᠵᠢ᠍ᠯᠯᠠᠭ᠎ᠠ ᠶᠢ ᠭᠦᠨᠵᠡᠭᠡᠢ᠌ᠷᠡᠭᠦᠯᠦᠨ ᠲᠡᠭᠦᠯᠳ᠋ᠡᠷᠵᠢ᠍ᠭᠦᠯᠵᠦ᠂ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢ᠍ᠯ ᠤᠨ ᠪᠤᠳ᠋ᠠᠳ᠋ᠤ ᠦᠷ᠎ᠠ ᠪᠦᠳ᠋ᠦᠮᠵᠢ ᠤᠯᠬᠤ ᠶᠢ ᠪᠠᠳ᠋ᠤᠯᠠᠬᠤ ᠬᠡᠷᠡᠭ᠍ᠳ᠋ᠠᠢ ᠭᠡᠵᠦ ᠵᠢᠭᠠᠵᠤ ᠭᠠᠷᠭᠠᠪᠠ᠃(ᠯᠸᠢ ᠫᠠᠩ)

ᠡᠮᠦᠨᠡᠬᠢ᠄ ᠬᠤᠰᠢᠭᠤᠨ ᠤ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠪᠠᠢ᠌ᠭᠤᠯᠭ᠎ᠠ ᠪᠦᠬᠦ ᠺᠠᠳ᠋ᠷᠴᠤᠳ ᠤᠨ ᠬᠤᠷᠠᠯ ᠬᠤᠷᠠᠯᠳ᠋ᠤᠭᠤᠯᠪᠠ
ᠳᠠᠷᠠᠭᠠᠬᠢ᠄ ᠡᠦ ᠴᠢ᠍ᠩ ᠬᠠᠢ ᠲᠠᠭᠠᠭᠠᠴᠢ᠍ᠯᠠᠭᠰᠠᠨ ᠭᠠᠴᠠᠭᠠᠨ ᠳᠤ ᠬᠦᠷᠴᠦ ᠨᠠᠮ ᠤᠨ ᠬᠢᠴᠢ᠍ᠶᠡᠯ ᠤᠷᠤᠪᠠ