ᠰᠦᠩ ᠯᠢ᠍ᠶᠠᠨ ᠡᠾᠦ᠋ᠢ ᠦᠨᠳ᠋ᠦᠰᠦᠨ ᠱᠠᠳ᠋ᠤᠨ ᠤ ᠨᠠᠮ ᠤᠨ ᠭᠡᠰᠢ᠍ᠭᠦᠨ ᠺᠠᠳ᠋ᠷᠴᠤᠳ ᠲᠤ ᠨᠠᠮ ᠤᠨ ᠬᠢᠴᠢ᠍ᠶᠡᠯ ᠤᠷᠤᠪᠠ

5 ᠰᠠᠷ᠎ᠠ ᠶᠢᠨ 6 ᠊ᠦ ᠡᠳ᠋ᠦᠷ᠂ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠲᠡᠳ᠋ ᠡᠷᠬᠢᠯᠡᠭ᠍ᠴᠢ ᠰᠦ᠋ᠩ ᠯᠢ᠍ᠶᠠᠨ ᠡᠾᠦ᠋ᠢ ᠦᠨᠡᠭ᠍ᠴᠢ ᠰᠤᠮᠤ ᠶᠢᠨ ᠬᠤᠸᠠᠵᠢ᠍ᠶᠸ ᠭᠠᠴᠠᠭᠠᠨ ᠳᠤ ᠬᠦᠷᠴᠦ᠂ ᠭᠠᠴᠠᠭᠠᠨ ᠤ《ᠬᠤᠶᠠᠷ ᠵᠦ᠋ᠪᠯᠡᠯ》᠊ᠤᠨ ᠤᠳ᠋ᠤᠷᠢ᠍ᠳᠬᠤ ᠪᠠᠭ ᠵᠢᠴᠢ ᠨᠠᠮ ᠤᠨ ᠭᠡᠰᠢ᠍ᠭᠦᠳ ᠲᠤ ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢ᠍ᠯ ᠤᠨ ᠲᠤᠰᠬᠠᠢ ᠰᠡᠳ᠋ᠦᠪᠳ᠋ᠦ ᠨᠠᠮ ᠤᠨ ᠬᠢᠴᠢ᠍ᠶᠡᠯ ᠤᠷᠤᠪᠠ᠃

ᠰᠦ᠋ᠩ ᠯᠢ᠍ᠶᠠᠨ ᠡᠾᠦ᠋ᠢ ᠨᠠᠮ ᠤᠨ ᠲᠡᠦᠬᠡ ᠶᠢᠨ《ᠲᠦ᠋ᠷᠪᠡᠨ ᠴᠢ᠍ᠬᠤᠯᠠ》ᠵᠢᠨ ᠲᠤᠭᠤᠷᠢ᠍ᠨ ᠳᠤ ᠨᠠᠮ ᠤᠨ《ᠲᠦ᠋ᠷᠪᠡᠨ ᠲᠡᠦᠬᠡ》ᠵᠢ ᠤᠢ᠌ᠯᠠᠭᠠᠬᠤ ᠪᠠᠷ ᠭᠤᠤᠯ ᠰᠡᠳ᠋ᠦᠪ ᠪᠤᠯᠭᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢ᠍ᠯ ᠤᠨ ᠴᠢ᠍ᠬᠤᠯᠠ ᠠᠴᠢ ᠬᠤᠯᠪᠤᠭᠳ᠋ᠠᠯ ᠢ ᠭᠦᠨᠵᠡᠭᠡᠢ ᠲᠠᠨᠢᠬᠤ᠂ ᠨᠠᠮ ᠤᠨ ᠰᠢ᠍ᠨ᠎ᠠ ᠶᠢ ᠡᠭᠦᠳᠬᠦ ᠤᠨᠤᠯ ᠶᠢᠡᠷ ᠲᠠᠷᠢ᠍ᠬᠢ ᠲᠤᠯᠤᠭᠠᠢ ᠪᠠᠨ ᠵᠡᠪᠰᠡᠭᠯᠡᠵᠦ ᠦᠢ᠍ᠯᠡᠳ᠋ᠦᠯᠭᠡ ᠪᠠᠨ ᠵᠢᠯᠤᠭᠤᠳ᠋ᠤᠭᠤᠯᠬᠤ᠂ ᠠᠵᠢ᠍ᠯ ᠢ ᠠᠬᠢᠭᠤᠯᠬᠤ ᠵᠡᠷᠭᠡ ᠲᠠᠯ᠎ᠠ ᠪᠠᠷ ᠭᠦᠨᠵᠡᠭᠡᠢ ᠪᠦᠭᠡᠳ ᠤᠢ᠌ᠯᠠᠭᠠᠮᠵᠢ᠍ᠳ᠋ᠠᠢ ᠬᠢᠴᠢ᠍ᠶᠡᠯ ᠤᠷᠤᠪᠠ᠃ ᠰᠦ᠋ᠩ ᠯᠢ᠍ᠶᠠᠨ ᠡᠾᠦ᠋ᠢ᠂ ᠶᠡᠷᠦᠩᠬᠡᠢ ᠱᠦ᠋ᠵᠢ ᠰᠢ ᠵᠢᠨ ᠫᠢᠩ ᠤᠨ ᠴᠢ᠍ᠬᠤᠯᠠ ᠶᠠᠷᠢ᠍ᠶᠠᠨ ᠤ ᠵᠤᠷᠢ᠍ᠭ ᠰᠠᠨᠠᠭ᠎ᠠ ᠶᠢ ᠭᠦᠨᠵᠡᠭᠡᠢ ᠰᠤᠷᠤᠯᠴᠡᠨ᠂ ᠲᠡᠬᠡᠳ᠋ᠦ ᠬᠡᠮᠵᠢ᠍ᠶᠡᠨ ᠤ ᠦᠵᠡᠯ ᠰᠠᠨᠠᠭᠠᠨ ᠤ ᠤᠬᠠᠮᠰᠡᠷ᠂ ᠤᠯᠤᠰ ᠲᠦ᠋ᠷᠦ ᠶᠢᠨ ᠤᠬᠠᠮᠰᠡᠷ᠂ ᠦᠢ᠍ᠯᠡ ᠠᠵᠢ᠍ᠯᠯᠠᠭ᠎ᠠ ᠶᠢᠨ ᠤᠬᠠᠮᠰᠡᠷ ᠶᠢᠡᠷ ᠨᠠᠮ ᠤᠨ ᠲᠡᠦᠬᠡ ᠶᠢ ᠰᠤᠷᠤᠯᠴᠠᠵᠤ᠂ ᠲᠡᠦᠬᠡ ᠶᠢ ᠰᠤᠷᠤᠯᠴᠠᠵᠤ ᠶᠤᠰᠤ ᠤᠴᠢ᠍ᠷ ᠢ ᠤᠢ᠌ᠯᠠᠭᠠᠨ᠂ ᠲᠡᠦᠬᠡ ᠶᠢ ᠰᠤᠷᠤᠯᠴᠠᠵᠤ ᠢᠳ᠋ᠡᠭᠡᠯ ᠵᠢᠡᠨ ᠨᠡᠮᠡᠭ᠍ᠳ᠋ᠡᠭᠦᠯᠵᠦ᠂ ᠲᠡᠦᠬᠡ ᠶᠢ ᠰᠤᠷᠤᠯᠴᠠᠵᠤ ᠶᠤᠰᠤ ᠰᠤᠷᠳ᠋ᠠᠬᠤᠨ ᠢ ᠡᠷᠬᠢᠮᠯᠡᠨ᠂ ᠲᠡᠦᠬᠡ ᠶᠢ ᠰᠤᠷᠤᠯᠴᠠᠵᠤ ᠴᠢ᠍ᠷᠮᠠᠢ᠌ᠨ ᠦᠢ᠍ᠯᠡᠳ᠋ᠦᠯᠭᠡᠵᠢ᠍ᠭᠦᠯᠬᠦ ᠶᠢ ᠦᠨᠡᠨᠬᠦ ᠪᠡᠶᠡᠯᠡᠭᠦᠯᠵᠦ᠂ ᠨᠠᠮ ᠤᠨ ᠲᠡᠮᠡᠴᠡᠯ ᠤᠨ ᠦᠩᠭᠡᠷᠡᠯᠳ᠋ᠡ ᠪᠤᠯᠤᠨ ᠠᠭᠤᠤ ᠶᠡᠬᠡ ᠠᠮᠵᠢ᠍ᠯᠳ᠋ᠡ ᠪᠠᠷ ᠲᠡᠡᠮᠴᠡᠯ ᠤᠨ ᠵᠤᠷᠢ᠍ᠭ ᠶᠢᠡᠨ ᠬᠦᠪᠴᠢ᠍ᠯᠡᠬᠦ ᠶᠢ ᠢᠮᠠᠭᠳ᠋ᠠ ᠴᠢ᠍ᠬᠤᠯᠠᠴᠢ᠍ᠯᠡᠨ᠂ ᠴᠢᠭ᠍ᠯᠡᠯ ᠶᠢᠡᠨ ᠲᠤᠳ᠋ᠤᠷᠬᠠᠢ᠌ᠯᠠᠵᠤ᠂ ᠨᠠᠮ ᠤᠨ ᠢᠷᠠᠭᠤ ᠠᠯᠳ᠋ᠠᠷᠳ᠋ᠤ ᠤᠯᠠᠮᠵᠢᠯᠠᠯ ᠪᠤᠯᠤᠨ ᠰᠢ᠍ᠯᠢ᠍ᠳ᠋ᠡᠭ᠌ ᠬᠡᠪ ᠰᠤᠷᠳ᠋ᠠᠯ ᠶᠢᠡᠷ ᠢᠳ᠋ᠡᠭᠡᠯ ᠵᠤᠷᠢ᠍ᠭ ᠶᠢᠡᠨ ᠪᠠᠳ᠋ᠤᠳᠬᠠᠵᠤ᠂ ᠬᠦᠴᠦᠨ ᠴᠢ᠍ᠳ᠋ᠠᠯ ᠶᠢᠡᠨ ᠨᠢ᠍ᠭᠳ᠋ᠠᠷᠠᠭᠤᠯᠤᠨ ᠨᠠᠮ ᠤᠨ ᠦᠢ᠍ᠯᠡᠳ᠋ᠦᠯᠭᠡ ᠶᠢᠨ ᠡᠭᠦᠳ᠋ᠦᠯᠳ᠋ᠡ ᠪᠠ ᠲᠡᠦᠬᠡ ᠶᠢᠨ ᠲᠤᠷᠰᠢ᠍ᠯᠭ᠎ᠠ ᠪᠠᠷ ᠤᠶᠤᠨ ᠤᠬᠠᠭᠠᠨ ᠢ ᠰᠡᠭᠡᠭᠡᠷᠡᠭᠦᠯᠵᠦ᠂ ᠵᠠᠩ ᠴᠢ᠍ᠨᠠᠷ ᠢ ᠬᠠᠳ᠋ᠠᠭᠤᠵᠢ᠍ᠭᠤᠯᠬᠤ ᠬᠡᠷᠡᠭ᠍ᠳ᠋ᠠᠢ ᠭᠡᠵᠠᠢ᠃

ᠰᠦ᠋ᠩ ᠯᠢ᠍ᠶᠠᠨ ᠡᠾᠦ᠋ᠢ ᠡᠴᠡ᠂ ᠨᠠᠮ ᠵᠠᠰᠠᠭ ᠤᠨ ᠤᠳ᠋ᠤᠷᠢ᠍ᠳᠬᠤ ᠪᠠᠭ ᠤᠨ ᠪᠦᠷᠢ᠍ᠯᠳ᠋ᠦᠭᠦᠨ ᠤᠯᠤᠰ ᠲᠦ᠋ᠷᠦ ᠶᠢᠨ ᠬᠠᠷᠢ᠍ᠭᠤᠴᠠᠯᠭ᠎ᠠ ᠪᠠᠨ ᠡᠭᠦᠷᠭᠡᠯᠡᠵᠦ᠂ ᠨᠠᠮ ᠤᠨ ᠲᠡᠦᠬᠡ ᠶᠢᠨ ᠬᠦᠮᠦᠵᠢ᠍ᠯ᠂ ᠨᠠᠮ ᠤᠨ ᠬᠤᠷᠢ᠍ᠶᠠᠨ ᠤ ᠬᠤᠭᠤᠴᠠᠭ᠎ᠠ ᠰᠤᠯᠢ᠍ᠬᠤ᠂ ᠬᠦᠳ᠋ᠡᠭᠡ ᠲᠤᠰᠬᠤᠨ ᠢ ᠬᠦᠭ᠍ᠵᠢ᠍ᠭᠦᠯᠦᠨ ᠮᠠᠨᠳ᠋ᠤᠭᠤᠯᠬᠤ ᠵᠡᠷᠭᠡ ᠲᠠᠯ᠎ᠠ ᠶᠢᠨ ᠠᠵᠢ᠍ᠯ ᠲᠡᠶ ᠤᠶᠠᠯᠳ᠋ᠤᠭᠤᠯᠤᠨ᠂ ᠬᠤᠪᠢᠰᠬᠠᠯ ᠤᠨ ᠤᠯᠠᠮᠵᠢ᠍ᠯᠠᠯ ᠪᠤᠯᠤᠨ ᠰᠢ᠍ᠯᠢ᠍ᠳ᠋ᠡᠭ᠌ ᠰᠤᠷᠳ᠋ᠠᠯ ᠶᠢᠡᠨ ᠦᠷᠭᠦᠯᠵᠢ᠍ᠯᠡᠨ ᠪᠠᠳ᠋ᠠᠷᠠᠭᠤᠯᠵᠤ ᠪᠤᠳ᠋ᠠᠳ᠋ᠤ ᠦᠢ᠍ᠯᠡ ᠠᠵᠢ᠍ᠯᠯᠠᠭ᠎ᠠ ᠪᠠᠷ ᠶᠢᠡᠨ ᠡᠪ ᠬᠠᠮᠳ᠋ᠤᠴᠤᠳ ᠤᠨ ᠤᠭ ᠰᠠᠨᠠᠭ᠎ᠠ ᠪᠠ ᠡᠭᠦᠷᠭᠡ ᠬᠠᠷᠢ᠍ᠭᠤᠴᠠᠯᠭ᠎ᠠ ᠶᠢ ᠪᠢᠴᠢᠭ᠍ᠯᠡᠬᠦ ᠬᠡᠷᠡᠭ᠍ᠳ᠋ᠠᠢ ᠭᠡᠵᠦ ᠱᠠᠭᠠᠷᠳ᠋ᠠᠵᠠᠢ᠃ (ᠯᠸᠢ ᠫᠠᠩ)