ᠵᠠᠷᠤᠳ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢ᠍ᠶ᠎ᠠ ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢ᠍ᠯ ᠢ ᠯᠠᠪᠳ᠋ᠠᠭᠤᠨ ᠪᠠᠳ᠋ᠤᠳ᠋ᠠᠢ ᠠᠬᠢᠭᠤᠯᠪᠠ
ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢ᠍ᠯ ᠢ ᠦᠷᠨᠢᠭᠦᠯᠦᠭ᠍ᠰᠡᠨ ᠡᠴᠡ ᠨᠠᠭᠠᠰᠢ᠂ ᠵᠠᠷᠤᠳ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢ᠍ᠶ᠎ᠠ ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢ᠍ᠯ ᠢ ᠴᠢ᠍ᠬᠤᠯᠠ ᠶᠡᠬᠡ ᠤᠯᠤᠰ ᠲᠦ᠋ᠷᠦ ᠶᠢᠨ ᠡᠭᠦᠷᠭᠡ ᠪᠤᠯᠭᠠᠵᠤ᠂ ᠡᠯ᠎ᠠ ᠱᠠᠳ᠋ᠤᠨ ᠤ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢ᠍ᠯ ᠤᠨ ᠶᠡᠭᠡ ᠦᠷᠨᠢᠯᠳ᠋ᠡ ᠶᠢ ᠪᠤᠢ ᠪᠤᠯᠭᠠᠪᠠ᠃ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢ᠍ᠶ᠎ᠠ ᠲᠦ᠋ᠪ᠂ ᠦᠪᠡᠷᠳ᠋ᠡᠭᠡᠨ ᠵᠠᠰᠠᠬᠤ ᠤᠷᠤᠨ᠂ ᠬᠤᠳ᠋ᠠ ᠶᠢᠨ ᠨᠠᠮ ᠤᠨ ᠬᠤᠷᠢ᠍ᠶ᠎ᠠ ᠪᠤᠯᠤᠨ ᠬᠤᠰᠢ᠍ᠭᠤᠨ ᠤ ᠨᠠᠮ ᠤᠨ ᠬᠤᠷᠢ᠍ᠶ᠎ᠠ ᠶᠢᠨ ᠬᠠᠮᠢ᠍ᠶ᠎ᠠ ᠪᠦᠬᠦᠢ ᠪᠠᠢ᠌ᠷᠢ᠍ᠯᠠᠭᠤᠯᠤᠯᠳ᠋ᠠ ᠶᠢᠨ ᠱᠠᠭᠠᠷᠳ᠋ᠠᠯᠭ᠎ᠠ ᠶᠢ ᠨᠠᠷᠢ᠍ᠨ ᠬᠢᠨᠠᠮᠠᠭᠠᠢ ᠲᠤᠭᠤᠰᠢ᠍ᠯᠠᠭᠤᠯᠤᠨ ᠨᠠᠢ᠌ᠳ᠋ᠠᠪᠤᠷᠢ᠍ᠵᠢ᠍ᠭᠤᠯᠵᠤ᠂《ᠪᠦᠬᠦ ᠬᠤᠰᠢ᠍ᠭᠤᠨ ᠤ ᠡᠯ᠎ᠠ ᠱᠠᠳ᠋ᠤᠨ ᠤ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠲᠦ᠋ᠯᠦᠭᠡᠯᠡᠭ᠍ᠴᠢ ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢ᠍ᠯ ᠳᠤ ᠢᠳ᠋ᠡᠪᠬᠢᠳ᠋ᠠᠢ ᠤᠷᠤᠯᠴᠠᠬᠤ ᠲᠤᠬᠠᠢ ᠮᠡᠳ᠋ᠡᠭ᠍ᠳ᠋ᠡᠯ》ᠪᠤᠯᠤᠨ 《ᠪᠦᠬᠦ ᠬᠤᠰᠢ᠍ᠭᠤᠨ ᠤ ᠡᠯ᠎ᠠ ᠱᠠᠳ᠋ᠤᠨ ᠤ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠲᠦ᠋ᠯᠦᠭᠡᠯᠡᠭ᠍ᠴᠢ ᠶᠢᠨ〈ᠬᠦᠳ᠋ᠡᠭᠡ ᠲᠤᠰᠬᠤᠨ ᠢ ᠬᠦᠭ᠍ᠵᠢ᠍ᠭᠦᠯᠦᠨ ᠮᠠᠨᠳ᠋ᠤᠭᠤᠯᠬᠤ ᠳᠤ ᠬᠦᠴᠦᠨ ᠨᠡᠮᠡᠷᠢ᠍ᠯᠡᠬᠦ〉ᠠᠵᠢ᠍ᠯᠯᠠᠭ᠎ᠠ ᠶᠢ ᠵᠤᠬᠢᠶᠠᠨ ᠪᠠᠢ᠌ᠭᠤᠯᠵᠤ ᠦᠷᠨᠢᠭᠦᠯᠬᠦ ᠲᠤᠬᠠᠢ ᠬᠡᠷᠡᠭ᠍ᠵᠢ᠍ᠭᠦᠯᠬᠦ ᠲᠦ᠋ᠰᠦᠯ》᠊ᠢ ᠰᠤᠳ᠋ᠤᠯᠤᠨ ᠨᠡᠢ᠌ᠳ᠋ᠡᠯᠡᠵᠦ᠂ ᠤᠷᠢ᠍ᠳ ᠬᠤᠵᠢ᠍ᠳ《ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠲᠡᠷᠢ᠍ᠭᠦᠯᠡᠭ᠍ᠴᠢ᠍ᠳ ᠤᠨ ᠪᠦᠯᠬᠦᠮ ᠲᠦ᠋ᠷᠦᠭᠦᠯᠡᠨ ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢ᠍ᠯ ᠢ ᠬᠦᠳ᠋ᠤᠯᠤᠨ ᠵᠢᠯᠤᠭᠤᠳᠬᠤ》《ᠡᠯ᠎ᠠ ᠱᠠᠳ᠋ᠤᠨ ᠤ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠲᠦ᠋ᠯᠦᠭᠡᠯᠡᠭ᠍ᠴᠢ ᠬᠦᠳ᠋ᠡᠭᠡ ᠲᠤᠰᠬᠤᠨ ᠢ ᠬᠦᠭ᠍ᠵᠢ᠍ᠭᠦᠯᠦᠨ ᠮᠠᠨᠳ᠋ᠤᠭᠤᠯᠬᠤ ᠳᠤ ᠬᠦᠴᠦᠨ ᠨᠡᠮᠡᠷᠢ᠍ᠯᠡᠬᠦ》《ᠨᠠᠮ ᠤᠨ ᠲᠡᠦᠬᠡ ᠶᠢ ᠰᠤᠷᠤᠯᠴᠠᠵᠤ ᠦᠨᠳ᠋ᠦᠰᠦᠳ᠋ᠡᠨ ᠤ ᠪᠦᠯᠬᠦᠮᠳ᠋ᠡᠯ ᠲᠠᠪᠰᠢ᠍ᠯᠳ᠋ᠡ ᠶᠢᠨ ᠦᠢ᠍ᠯᠡᠰ ᠢ ᠠᠬᠢᠭᠤᠯᠬᠤ》《ᠪᠢ ᠤᠯᠠᠨ ᠲᠦ᠋ᠮᠡᠨ ᠳᠤ ᠪᠤᠳ᠋ᠠᠳ᠋ᠤ ᠶᠠᠪᠤᠳ᠋ᠠᠯ ᠬᠢᠵᠦ ᠦᠭᠬᠦ》ᠵᠡᠷᠭᠡ ᠠᠯᠢ ᠤᠯᠠᠨ ᠦᠢ᠍ᠯᠡᠳ᠋ᠦᠯᠭᠡ ᠶᠢᠨ ᠠᠵᠢ᠍ᠯᠯᠠᠭ᠎ᠠ ᠡᠴᠡ ᠭᠠᠷᠳ᠋ᠠᠨ᠂ ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢ᠍ᠯ ᠢ ᠦᠨᠳ᠋ᠦᠷ ᠪᠠᠷᠢ᠍ᠮᠵᠢ᠍ᠶ᠎ᠠ ᠪᠠᠷ ᠴᠢ᠍ᠨᠠᠷ ᠰᠠᠢ᠌ᠳ᠋ᠠᠢ ᠦᠷᠨᠢᠬᠦᠯᠵᠤ᠂ ᠪᠦᠬᠦ ᠬᠤᠰᠢ᠍ᠭᠤᠨ ᠤ ᠬᠦᠳ᠋ᠡᠭᠡ ᠲᠤᠰᠬᠤᠨ ᠢ ᠬᠦᠭ᠍ᠵᠢ᠍ᠭᠦᠯᠦᠨ ᠮᠠᠨᠳ᠋ᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠳᠤ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠤᠶᠤᠨ ᠤᠬᠠᠭᠠᠨ ᠪᠠ ᠬᠦᠴᠦᠨ ᠴᠢ᠍ᠳ᠋ᠠᠯ ᠶᠢᠡᠨ ᠨᠡᠮᠡᠷᠢ᠍ᠯᠡᠭ᠍ᠰᠨᠨ ᠪᠠᠢ᠌ᠨ᠎ᠠ᠃
《ᠪᠢ ᠤᠯᠠᠨ ᠲᠦ᠋ᠮᠡᠨ ᠳᠤ ᠪᠤᠳ᠋ᠠᠳ᠋ᠤ ᠶᠠᠪᠤᠳ᠋ᠠᠯ ᠬᠢᠵᠦ ᠦᠭᠬᠦ》ᠪᠤᠯ ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢ᠍ᠯ ᠤᠨ ᠤᠭ ᠰᠠᠨᠠᠭ᠎ᠠ ᠪᠠᠨ ᠦᠯᠦ ᠮᠠᠷᠳ᠋ᠠᠵᠤ᠂ ᠡᠭᠦᠷᠭᠡ ᠬᠠᠷᠢ᠍ᠭᠤᠴᠠᠯᠭ᠎ᠠ ᠪᠠᠨ ᠪᠠᠳ᠋ᠤ ᠴᠡᠭᠡᠵᠢ᠍ᠯᠡᠬᠦ ᠠᠵᠢ᠍ᠯ ᠤᠨ ᠠᠴᠢ᠍ᠶᠠᠯᠠᠪᠤᠷᠢ ᠮᠦ᠋ᠷᠳ᠋ᠡᠭᠡᠨ ᠪᠠᠰᠠ ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢ᠍ᠯ ᠤᠨ ᠴᠢ᠍ᠬᠤᠯᠠ ᠠᠭᠤᠯᠭ᠎ᠠ ᠮᠦ᠋ᠨ᠃
ᠠᠯᠢ᠍ᠪᠠ ᠪᠦᠬᠦᠨ ᠤᠯᠠᠨ ᠲᠦ᠋ᠮᠡᠨ ᠤ ᠲᠦ᠋ᠯᠦᠭᠡ᠂ ᠠᠯᠢ᠍ᠪᠠ ᠪᠦᠬᠦᠨ ᠤᠯᠠᠨ ᠲᠦ᠋ᠮᠡᠨ ᠳᠤ ᠲᠦᠰᠢᠭ᠍ᠯᠡᠨ᠂ ᠤᠯᠠᠨ ᠲᠦ᠋ᠮᠡᠨ ᠤ ᠲᠤᠮᠳ᠋ᠠ ᠡᠴᠡ ᠢᠷᠡᠵᠦ᠂ ᠤᠯᠠᠨ ᠲᠦ᠋ᠮᠡᠨ ᠤ ᠲᠤᠮᠳ᠋ᠠ ᠬᠡᠷᠡᠭ᠍ᠵᠢ᠍ᠭᠦᠯᠬᠦ ᠤᠯᠠᠨ ᠲᠦ᠋ᠮᠡᠨᠴᠢ ᠱᠤᠭᠤᠮ ᠪᠤᠯ ᠮᠠᠨ ᠤ ᠨᠠᠮ ᠤᠨ ᠦᠨᠳ᠋ᠤᠰᠤᠨ ᠠᠵᠢ᠍ᠯ ᠤᠨ ᠱᠤᠭᠤᠮ ᠪᠠᠢ᠌ᠵᠤ᠂ ᠮᠦ᠋ᠨᠴᠦ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢ᠍ᠶ᠎ᠠ ᠵᠢᠴᠢ ᠡᠯ᠎ᠠ ᠱᠠᠳ᠋ᠤᠨ ᠤ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠲᠦ᠋ᠯᠦᠭᠡᠯᠡᠭ᠍ᠴᠢ ᠶᠢᠨ ᠡᠯ᠎ᠠ ᠲᠦ᠋ᠷᠦᠯ ᠤᠨ ᠠᠵᠢ᠍ᠯ ᠶᠢᠡᠨ ᠦᠷᠨᠢᠭᠦᠯᠬᠦ ᠦᠨᠳ᠋ᠦᠰᠦᠨ ᠵᠢᠷᠤᠮᠯᠡᠯ ᠮᠦ᠋ᠨ᠃
ᠲᠠᠷᠠᠭᠠᠴᠢ ᠪᠠᠷ᠂ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢ᠍ᠶ᠎ᠠ ᠲᠦ᠋ᠪ᠂ ᠦᠪᠡᠷᠳ᠋ᠡᠭᠡᠨ ᠵᠠᠰᠠᠬᠤ ᠤᠷᠤᠨ᠂ ᠬᠤᠳ᠋ᠠ ᠶᠢᠨ ᠨᠠᠮ ᠤᠨ ᠬᠤᠷᠢ᠍ᠶ᠎ᠠ ᠪᠤᠯᠤᠨ ᠬᠤᠰᠢ᠍ᠭᠤᠨ ᠤ ᠨᠠᠮ ᠤᠨ ᠬᠤᠷᠢ᠍ᠶ᠎ᠠ ᠶᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢ᠍ᠯ ᠢ ᠦᠷᠨᠢᠭᠦᠯᠬᠦ ᠲᠤᠬᠠᠢ ᠰᠢ᠌ᠳᠪᠤᠷᠢ᠍ᠳ᠋ᠦ ᠪᠤᠳ᠋ᠤᠯᠭ᠎ᠠ ᠶᠢᠨ ᠪᠠᠢ᠌ᠷᠢ᠍ᠯᠠᠭᠤᠯᠤᠯᠳ᠋ᠠ ᠶᠢ ᠪᠦᠬᠦ ᠲᠠᠯ᠎ᠠ ᠪᠠᠷ ᠨᠠᠢ᠌ᠳ᠋ᠠᠪᠤᠷᠢ᠍ᠵᠢ᠍ᠭᠤᠯᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢ᠍ᠯ᠂ ᠬᠦᠳ᠋ᠡᠭᠡ ᠲᠤᠰᠬᠤᠨ ᠢ ᠬᠦᠭ᠍ᠵᠢ᠍ᠭᠦᠯᠦᠨ ᠮᠠᠨᠳ᠋ᠤᠭᠤᠯᠬᠤ ᠪᠠᠢ᠌ᠯᠳ᠋ᠤᠬᠤ ᠪᠤᠳ᠋ᠤᠯᠭ᠎ᠠ ᠶᠢ ᠲᠤᠮᠳ᠋ᠠᠳ᠋ᠤ ᠶᠢᠨ ᠦᠨᠳ᠋ᠦᠰᠦᠳ᠋ᠡᠨ ᠤ ᠬᠠᠮᠳ᠋ᠤ ᠶᠢᠨ ᠴᠤᠭᠴᠠ ᠶᠢᠨ ᠤᠬᠠᠮᠰᠡᠷ ᠢ ᠪᠠᠳ᠋ᠦ ᠴᠤᠭᠴᠠᠯᠠᠬᠤ ᠲᠡᠶ ᠤᠶᠠᠯᠳ᠋ᠤᠭᠤᠯᠤᠨ᠂ ᠵᠢᠯ ᠤᠨ ᠡᠬᠢᠨ ᠳᠤ ᠲᠤᠭᠳ᠋ᠠᠭᠰᠠᠨ ᠪᠠᠢ᠌ᠩᠭ᠋ᠤ ᠶᠢᠨ ᠬᠤᠷᠢ᠍ᠶᠠᠨ ᠤ 2021 ᠤᠨ ᠤ ᠠᠵᠢ᠍ᠯ ᠤᠨ ᠭᠤᠤᠯᠳ᠋ᠠᠯᠭ᠎ᠠ ᠶᠤᠰᠤᠭᠠᠷ᠂ ᠬᠢᠨᠠᠯᠳ᠋ᠠ ᠲᠠᠯᠪᠢᠵᠤ ᠪᠤᠳ᠋ᠠᠳ᠋ᠤ ᠦᠷ᠎ᠠ ᠪᠦᠳ᠋ᠦᠮᠵᠢ ᠶᠢ ᠲᠠᠭᠡᠭ᠍ᠰᠢ᠍ᠯᠡᠬᠦᠯᠬᠦ᠂ ᠬᠠᠦᠯᠢ ᠶᠤᠰᠤᠭᠠᠷ ᠰᠢ᠌ᠳᠪᠤᠷᠢ ᠭᠠᠷᠭᠠᠬᠤ ᠪᠠ ᠲᠤᠮᠢ᠍ᠯᠠᠵᠤ ᠪᠠᠭᠤᠯᠭᠠᠬᠤ ᠡᠷᠭᠡ ᠪᠠᠨ ᠬᠡᠷᠡᠭ᠍ᠵᠢ᠍ᠭᠦᠯᠬᠦ᠂ ᠠᠷᠠᠳ ᠲᠦ᠋ᠮᠡᠨ ᠢ ᠲᠡᠭᠡᠳ᠋ᠦᠯᠡᠬᠦ ᠤᠢ᠌ᠯᠠᠭᠠᠭᠳ᠋ᠠᠬᠤᠨ ᠢ ᠦᠢ᠍ᠯᠡᠳ᠋ᠦᠯᠭᠡᠵᠢ᠍ᠭᠦᠯᠬᠦ᠂ ᠲᠦ᠋ᠯᠦᠭᠡᠯᠡᠭ᠍ᠴᠢ᠍ᠳ ᠤᠨ ᠲᠤᠰᠢ᠍ᠶᠠᠯ ᠶᠢᠡᠨ ᠭᠦᠢ᠍ᠴᠡᠳᠭᠡᠬᠦ ᠶᠢ ᠪᠠᠳ᠋ᠤᠯᠠᠨ ᠲᠡᠮᠵᠢ᠍ᠬᠦ᠂ ᠲᠤᠰᠢ᠍ᠶᠠᠯ ᠶᠢᠡᠨ ᠬᠦᠢ᠍ᠴᠡᠳᠭᠡᠨ ᠴᠢ᠍ᠳ᠋ᠠᠪᠤᠷᠢ ᠪᠠᠨ ᠲᠡᠭᠡᠭ᠍ᠰᠢ᠍ᠯᠡᠭᠦᠯᠬᠦ ᠳᠤ ᠲᠦ᠋ᠪᠯᠡᠷᠡᠬᠦᠯᠬᠦ᠂ ᠬᠤᠪᠢ ᠪᠡᠶ᠎ᠠ ᠶᠢᠨ ᠪᠦᠳ᠋ᠦᠭᠡᠨ ᠪᠠᠢ᠌ᠭᠤᠯᠤᠯᠳ᠋ᠠ ᠪᠠᠨ ᠪᠦᠬᠦ ᠲᠠᠯ᠎ᠠ ᠪᠠᠷ ᠴᠢ᠍ᠩᠭ᠋ᠠᠳᠬᠠᠬᠤ ᠵᠡᠷᠭᠡ ᠠᠵᠢ᠍ᠯ ᠳ᠋ᠦ ᠦᠷᠭᠦᠯᠵᠢ᠍ᠯᠡᠨ ᠬᠦᠴᠦᠯᠡᠵᠦ᠂ ᠪᠦᠬᠦ ᠬᠤᠰᠢ᠍ᠭᠤᠨ ᠤ 《ᠠᠷᠪᠠᠨ ᠲᠦ᠋ᠷᠪᠡᠳ᠋ᠦᠭᠡᠷ ᠲᠠᠪᠤᠨ ᠵᠢᠯ ᠤᠨ ᠲᠦ᠋ᠯᠦᠪᠵᠢ᠍ᠭᠦᠯᠭᠡ》ᠵᠢᠨ ᠬᠦᠭ᠍ᠵᠢ᠍ᠯᠳ᠋ᠡ ᠵᠢᠨ ᠰᠠᠢ᠌ᠨ ᠡᠬᠢᠯᠡᠯᠳ᠋ᠠ ᠳᠤ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠤᠶᠤᠨ ᠤᠬᠠᠭᠠᠨ ᠪᠠ ᠬᠦᠴᠦᠨ ᠴᠢ᠍ᠳ᠋ᠠᠯ ᠶᠢᠡᠨ ᠨᠡᠮᠡᠷᠢ᠍ᠯᠡᠨᠠ᠃
ᠨᠡᠢ᠌ᠲᠡᠯᠡᠭᠰᠡᠰᠨ ᠴᠠᠭ᠄ 2021-05-08 10:04:09
ᠨᠠᠢ᠌ᠷᠠᠭᠤᠯᠤᠭᠴᠢ᠄ ᠳ᠋ᠠᠢ ᠰᠢᠶᠦ᠋ᠩ
ᠬᠠᠷᠢᠭᠤᠴᠠᠭᠰᠠᠨ ᠨᠠᠢ᠌ᠷᠠᠭᠤᠯᠤᠭᠴᠢ᠄ ᠳ᠋ᠠᠢ ᠰᠢᠶᠦ᠋ᠩ
ᠳᠠᠷᠤᠮ᠄ 2307