ᠯᠦ᠋ᠪᠸᠢ ᠪᠠᠯᠭᠠᠰᠤ ᠠᠷᠠᠳ ᠤᠨ ᠲᠦ᠋ᠯᠦᠭᠡᠯᠡᠭ᠍ᠴᠢ《ᠬᠦᠳ᠋ᠡᠭᠡ ᠲᠤᠰᠬᠤᠨ ᠢ ᠬᠦᠭ᠍ᠵᠢ᠍ᠭᠦᠯᠦᠨ ᠮᠠᠨᠳ᠋ᠤᠭᠤᠯᠬᠤ ᠳᠤ ᠬᠦᠴᠦᠨ ᠨᠡᠮᠡᠷᠢ᠍ᠯᠡᠬᠦ》ᠠᠵᠢ᠍ᠯᠯᠠᠭ᠎ᠠ ᠶᠢ ᠡᠬᠢᠯᠡᠬᠦᠯᠪᠡ

5 ᠰᠠᠷ᠎ᠠ ᠶᠢᠨ 6 ᠊ᠤ ᠡᠳ᠋ᠦᠷ ᠤᠨ ᠦᠳ᠋ᠡ ᠶᠢᠨ ᠡᠮᠦᠨ᠎ᠠ᠂ ᠯᠦ᠋ᠪᠸᠢ ᠪᠠᠯᠭᠠᠰᠤᠨ ᠤ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠲᠡᠷᠢ᠍ᠭᠦᠯᠡᠭ᠍ᠴᠢ᠍ᠳ ᠤᠨ ᠪᠦᠯᠬᠦᠮ ᠡᠴᠡ ᠠᠷᠠᠳ ᠤᠨ ᠲᠦ᠋ᠯᠦᠭᠡᠯᠡᠭ᠍ᠴᠢ《ᠬᠦᠳ᠋ᠡᠭᠡ ᠲᠤᠰᠬᠤᠨ ᠢ ᠬᠦᠭ᠍ᠵᠢ᠍ᠭᠦᠯᠦᠨ ᠮᠠᠨᠳ᠋ᠤᠭᠤᠯᠬᠤ ᠳᠤ ᠬᠦᠴᠦᠨ ᠨᠡᠮᠡᠷᠢ᠍ᠯᠡᠬᠦ》ᠠᠵᠢ᠍ᠯᠯᠠᠭ᠎ᠠ ᠶᠢᠨ ᠲᠠᠢ᠌ᠴᠢ᠍ᠯᠠᠯᠳ᠋ᠠ ᠪᠠᠢ᠌ᠷᠢ᠍ᠯᠠᠭᠤᠯᠤᠯᠳ᠋ᠠ ᠶᠢᠨ ᠬᠤᠷᠠᠯ ᠢ ᠵᠤᠬᠢᠶᠠᠨ ᠪᠠᠢ᠌ᠭᠤᠯᠵᠤ ᠬᠤᠷᠠᠯᠳ᠋ᠤᠭᠤᠯᠬᠤ ᠶᠢᠨ ᠬᠠᠮᠳ᠋ᠤ ᠲᠤᠬᠠᠢ ᠶᠢᠨ ᠲᠠᠯᠠᠪᠤᠷ ᠲᠤᠨᠢ ᠲᠤᠭᠤᠷᠢ᠍ᠨ ᠦᠵᠡᠬᠦ ᠠᠵᠢ᠍ᠯᠯᠠᠭ᠎ᠠ ᠦᠷᠨᠢᠭᠦᠯᠪᠡ᠃


ᠬᠤᠷᠠᠯ ᠲᠡᠭᠡᠷ᠎ᠠ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ《ᠪᠦᠬᠦ ᠬᠤᠰᠢ᠍ᠭᠤᠨ ᠤ ᠡᠯ᠎ᠠ ᠱᠠᠳ᠋ᠤᠨ ᠤ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠲᠦ᠋ᠯᠦᠭᠡᠯᠡᠭ᠍ᠴᠢ〈ᠬᠦᠳ᠋ᠡᠭᠡ ᠲᠤᠰᠬᠤᠨ ᠢ ᠬᠦᠭ᠍ᠵᠢ᠍ᠭᠦᠯᠦᠨ ᠮᠠᠨᠳ᠋ᠤᠭᠤᠯᠬᠤ ᠳᠤ ᠬᠦᠴᠦᠨ ᠨᠡᠮᠡᠷᠢ᠍ᠯᠡᠬᠦ〉ᠠᠵᠢ᠍ᠯᠯᠠᠭ᠎ᠠ ᠶᠢ ᠵᠤᠬᠢᠶᠠᠨ ᠪᠠᠢ᠌ᠭᠤᠯᠵᠤ ᠦᠷᠨᠢᠭᠦᠯᠬᠦ ᠲᠤᠬᠠᠢ ᠬᠡᠷᠡᠭ᠍ᠵᠢ᠍ᠭᠦᠯᠬᠦ ᠲᠦ᠋ᠰᠦᠯ》᠊ᠢ ᠤᠯᠠᠮᠵᠢ᠍ᠯᠡᠨ ᠰᠤᠷᠤᠯᠴᠠᠪᠠ᠃


ᠬᠤᠷᠠᠯ ᠡᠴᠡ᠂《ᠬᠦᠳ᠋ᠡᠭᠡ ᠲᠤᠰᠬᠤᠨ ᠢ ᠬᠦᠭ᠍ᠵᠢ᠍ᠭᠦᠯᠦᠨ ᠮᠠᠨᠳ᠋ᠤᠭᠤᠯᠬᠤ ᠳᠤ ᠬᠦᠴᠦᠨ ᠨᠡᠮᠡᠷᠢ᠍ᠯᠡᠬᠦ》ᠲᠤᠰᠬᠠᠢ ᠠᠵᠢ᠍ᠯᠯᠠᠭ᠎ᠠ ᠶᠢ ᠵᠤᠬᠢᠶᠠᠨ ᠪᠠᠢ᠌ᠭᠤᠯᠵᠤ ᠦᠷᠨᠢᠭᠦᠯᠦᠨ᠂ ᠪᠠᠯᠭᠠᠰᠤᠨ ᠤ ᠠᠷᠠᠳ ᠤᠨ ᠲᠦ᠋ᠯᠦᠭᠡᠯᠡᠭ᠍ᠴᠢ᠍ᠳ ᠪᠤᠯᠤᠨ ᠲᠡᠵᠢ᠍ᠭᠡᠪᠦᠷᠢ ᠶᠢᠨ ᠡᠷᠦᠭᠡ ᠶᠢ ᠲᠠᠭᠠᠭᠤᠯᠤᠨ ᠦᠯᠵᠡᠢ᠌ᠮᠦᠷᠡᠨ ᠰᠤᠮᠤ ᠶᠢᠨ ᠪᠤᠯᠠᠭ ᠭᠠᠴᠠᠭᠠᠨ ᠤ ᠨᠤᠮᠢ᠍ᠨᠳ᠋ᠠᠯᠠᠢ ᠶᠢᠨ ᠭᠡᠷ ᠪᠦᠯᠢ ᠶᠢᠨ ᠮᠠᠯᠵᠢ᠍ᠯ ᠤᠨ ᠲᠠᠯᠠᠪᠠᠢ ᠪᠠ ᠱᠸᠩᠯᠢ ᠦᠬᠡᠷ ᠲᠡᠵᠢ᠍ᠭᠡᠨ ᠪᠤᠷᠳ᠋ᠤᠬᠤ ᠲᠤᠰᠬᠠᠢ ᠬᠤᠷᠰᠢ᠍ᠶᠠᠵᠢ᠍ᠯ ᠢ ᠲᠤᠭᠤᠷᠢ᠍ᠨ ᠦᠵᠡᠵᠦ ᠰᠤᠷᠤᠯᠴᠠᠪᠠ᠃(ᠯᠸᠢ ᠫᠠᠩ)