ᠯᠦ᠋ᠪᠸᠢ ᠪᠠᠯᠭᠠᠰᠤ ᠠᠷᠠᠳ ᠤᠨ ᠲᠦ᠋ᠯᠦᠭᠡᠯᠡᠭ᠍ᠴᠢ᠍ᠳ ᠶᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢ᠍ᠯ ᠤᠨ ᠪᠤᠯᠪᠠᠰᠤᠷᠠᠯ ᠤᠨ ᠬᠤᠷᠠᠯ ᠬᠤᠷᠠᠯᠳ᠋ᠤᠭᠤᠯᠪᠠ


5 ᠰᠠᠷ᠎ᠠ ᠶᠢᠨ 6᠊ᠤ ᠡᠳ᠋ᠦᠷ᠂ ᠯᠦ᠋ᠪᠸᠢ ᠪᠠᠯᠭᠠᠰᠤ ᠠᠷᠠᠳ ᠤᠨ ᠲᠦ᠋ᠯᠦᠭᠡᠯᠡᠭ᠍ᠴᠢ᠍ᠳ ᠶᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢ᠍ᠯ ᠤᠨ ᠪᠤᠯᠪᠠᠰᠤᠷᠠᠯ ᠤᠨ ᠬᠤᠷᠠᠯ ᠬᠤᠷᠠᠯᠳ᠋ᠤᠭᠤᠯᠪᠠ᠃


ᠲᠤᠰ ᠤᠳ᠋ᠠᠭᠠᠨ ᠤ ᠪᠤᠯᠪᠠᠰᠤᠷᠠᠯ ᠤᠨ ᠬᠤᠷᠠᠯ ᠨᠢ ᠬᠤᠰᠢ᠍ᠭᠤᠨ ᠤ ᠨᠠᠮ ᠤᠨ ᠰᠤᠷᠭᠠᠭᠤᠯᠢ ᠶᠢᠨ ᠪᠠᠭᠰᠢ ᠯᠢ ᠬᠤᠸᠠ ᠶᠢ ᠤᠷᠢ᠍ᠵᠤ《ᠲᠤᠮᠳ᠋ᠠᠳ᠋ᠤ ᠤᠯᠤᠰ ᠤᠨ ᠦᠭᠡᠷᠡᠴᠢ᠍ᠯᠡᠯᠳ᠋ᠡ ᠬᠢᠵᠤ ᠴᠢ᠍ᠯᠦᠭᠡᠳ᠋ᠠᠢ ᠶᠠᠪᠤᠯᠴᠠᠭᠰᠠᠨ ᠲᠡᠦᠬᠡ ᠶᠢᠨ ᠦᠩᠭᠡᠷᠡᠯᠳ᠋ᠡ ᠪᠤᠯᠤᠨ ᠲᠤᠷᠰᠢ᠍ᠯᠭ᠎ᠠ〈ᠲᠦ᠋ᠷᠪᠡᠨ ᠲᠡᠦᠬᠡ〉ᠶᠢᠨ ᠰᠤᠷᠤᠯᠴᠠᠯᠭ᠎ᠠ ᠬᠦᠮᠦᠵᠢ᠍ᠯ ᠤᠨ ᠦᠭᠡᠷᠡᠴᠢ᠍ᠯᠡᠯᠳ᠋ᠡ ᠨᠡᠬᠡᠭᠡᠯᠳ᠋ᠡ ᠶᠢᠨ ᠲᠡᠦᠬᠡ》ᠵᠢᠨ ᠲᠤᠰᠬᠠᠢ ᠰᠡᠳ᠋ᠦᠪᠳ᠋ᠦ ᠪᠤᠯᠪᠠᠰᠤᠷᠠᠯ ᠬᠢᠪᠡ᠃ ᠯᠢ ᠪᠠᠭᠰᠢ ᠲᠤᠮᠳ᠋ᠠᠳ᠋ᠤ ᠤᠯᠤᠰ ᠤᠨ ᠡᠪ ᠬᠠᠮᠳ᠋ᠤ ᠨᠠᠮ ᠤᠨ ᠲᠡᠦᠬᠡ ᠲᠡᠶ ᠨᠢ᠍ᠭᠳ᠋ᠠ ᠤᠶᠠᠯᠳ᠋ᠤᠭᠤᠯᠤᠨ᠂ ᠦᠭᠡᠷᠡᠴᠢ᠍ᠯᠡᠯᠳ᠋ᠡ ᠨᠡᠬᠡᠬᠡᠯᠳ᠋ᠡ ᠶᠢᠨ ᠲᠡᠦᠬᠡ ᠶᠢ ᠲᠤᠪᠤᠢ᠌ᠯᠭᠠᠵᠤ᠂ ᠲᠠᠪᠤᠨ ᠲᠠᠯ᠎ᠠ ᠪᠠᠷ ᠤᠯᠠᠨ ᠳᠤ ᠨᠢ᠍ᠭᠡᠨ ᠦᠵᠡᠯ ᠰᠠᠨᠠᠭ᠎ᠠ ᠪᠠᠷ ᠭᠦᠨᠵᠡᠭᠡᠢ᠂ ᠲᠤᠳ᠋ᠤᠭᠠᠳ᠋ᠤ ᠠᠭᠤᠯᠤᠭᠳ᠋ᠠᠬᠤᠨ ᠪᠠᠷ ᠪᠠᠶᠠᠯᠢ᠍ᠭ᠂ ᠠᠮᠢ᠍ᠳ᠋ᠤᠯᠢ᠍ᠭ ᠪᠤᠳ᠋ᠠᠳ᠋ᠠᠢ ᠨᠠᠮ ᠤᠨ ᠬᠢᠴᠢ᠍ᠶᠡᠯ ᠤᠷᠤᠪᠠ᠃ ᠪᠠᠯᠭᠠᠰᠤᠨ ᠤ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠲᠡᠷᠢ᠍ᠭᠦᠯᠡᠭ᠍ᠴᠢ᠍ᠳ ᠤᠨ ᠪᠦᠯᠭᠦᠮ ᠤᠨ ᠲᠡᠷᠢ᠍ᠭᠦᠯᠡᠭ᠍ᠴᠢ ᠡᠴᠡ ᠶᠡᠷᠦᠩᠬᠡᠢ ᠱᠦ᠋ᠵᠢ ᠰᠢ ᠵᠢᠨ ᠫᠢᠩ ᠤᠨ ᠪᠦᠬᠦ ᠤᠯᠤᠰ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢ᠍ᠯ ᠤᠨ ᠲᠠᠢ᠌ᠴᠢ᠍ᠯᠠᠯᠳ᠋ᠠ ᠶᠢᠨ ᠬᠤᠷᠠᠯ ᠲᠡᠭᠡᠷᠡᠬᠢ ᠶᠠᠷᠢ᠍ᠶᠠᠨ ᠤ ᠵᠤᠷᠢ᠍ᠭ ᠰᠠᠨᠠᠭ᠎ᠠ ᠵᠢᠴᠢ ᠠᠷᠪᠠᠨ ᠭᠤᠷᠪᠠᠳ᠋ᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦ᠋ᠯᠦᠭᠡᠯᠡᠭ᠍ᠴᠢ᠍ᠳ ᠤᠨ ᠲᠦ᠋ᠷᠪᠡᠳ᠋ᠦᠭᠡᠷ ᠤᠳ᠋ᠠᠭᠠᠨ ᠤ ᠬᠤᠷᠠᠯ ᠤᠨ ᠦᠪᠦᠷ ᠮᠤᠩᠭ᠋ᠤᠯ ᠤᠨ ᠲᠦ᠋ᠯᠦᠭᠡᠯᠡᠭ᠍ᠴᠢ᠍ᠳ ᠤᠨ ᠪᠦᠯᠬᠦᠮ ᠳᠤ ᠤᠷᠤᠯᠴᠡᠨ ᠵᠦ᠋ᠪᠯᠡᠯ ᠵᠦ᠋ᠪᠯᠡᠬᠦ ᠦᠶᠡᠰ ᠤᠨ ᠴᠢ᠍ᠬᠤᠯᠠ ᠶᠠᠷᠢ᠍ᠶᠠᠨ ᠤ ᠵᠤᠷᠢ᠍ᠭ ᠰᠠᠨᠠᠭ᠎ᠠ ᠶᠢ ᠤᠯᠠᠮᠵᠢ᠍ᠯᠡᠨ ᠰᠤᠷᠤᠯᠴᠠᠵᠤ᠂《ᠵᠠᠷᠤᠳ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠪᠦᠬᠦ ᠬᠤᠰᠢ᠍ᠭᠤᠨ ᠤ ᠡᠯ᠎ᠠ ᠱᠠᠳ᠋ᠤᠨ ᠤ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠲᠦ᠋ᠯᠦᠭᠡᠯᠡᠭ᠍ᠴᠢ ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢ᠍ᠯ ᠳᠤ ᠢᠳ᠋ᠡᠪᠬᠢᠳ᠋ᠠᠢ ᠤᠷᠤᠯᠴᠠᠬᠤ ᠲᠤᠬᠠᠢ ᠮᠡᠳ᠋ᠡᠭ᠍ᠳ᠋ᠡᠯ》᠊ᠢ ᠤᠯᠠᠮᠵᠢ᠍ᠯᠠᠪᠠ᠃(ᠯᠸᠢ ᠫᠠᠩ)