ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠨᠠᠮ ᠤᠨ ᠤᠳ᠋ᠤᠷᠢ᠍ᠳᠬᠤ ᠲᠤᠭᠤᠢ᠌ᠯᠠᠩ ᠤᠨ ᠬᠢᠨ ᠲᠦ᠋ᠪ ᠤᠨ ᠲᠤᠭᠤᠷᠢ᠍ᠨ ᠪᠠᠢ᠌ᠴᠠᠭᠠᠯᠳ᠋ᠠ ᠶᠢᠨ ᠬᠠᠷᠢ᠍ᠭᠤ ᠲᠤᠰᠬᠠᠭᠰᠠᠨ ᠰᠠᠨᠠᠯ ᠶᠢᠡᠷ ᠴᠡᠭ᠍ᠴᠡᠯᠡᠨ ᠰᠠᠢ᠌ᠵᠢ᠍ᠷᠠᠭᠤᠯᠵᠤ ᠨᠠᠢ᠌ᠳ᠋ᠠᠪᠤᠷᠢ᠍ᠵᠢ᠍ᠭᠤᠯᠬᠤ ᠠᠵᠢ᠍ᠯ ᠤᠨ ᠪᠠᠢ᠌ᠷᠢ᠍ᠯᠠᠭᠤᠯᠤᠯᠳ᠋ᠠ ᠶᠢᠨ ᠬᠤᠷᠠᠯ ᠢ ᠵᠤᠬᠢᠶᠠᠨ ᠪᠠᠢ᠌ᠭᠤᠯᠵᠤ ᠬᠤᠷᠠᠯᠳ᠋ᠤᠭᠤᠯᠪᠠ

5 ᠰᠠᠷ᠎ᠠ ᠶᠢᠨ 8 ᠊ᠦ ᠡᠳ᠋ᠦᠷ᠂ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠨᠠᠮ ᠤᠨ ᠤᠳ᠋ᠤᠷᠢ᠍ᠳᠬᠤ ᠲᠤᠭᠤᠢ᠌ᠯᠠᠩ ᠤᠨ ᠬᠢᠨ ᠲᠦ᠋ᠪ ᠤᠨ ᠲᠤᠭᠤᠷᠢ᠍ᠨ ᠪᠠᠢ᠌ᠴᠠᠭᠠᠯᠳ᠋ᠠ ᠶᠢᠨ ᠬᠠᠷᠢ᠍ᠭᠤ ᠲᠤᠰᠬᠠᠭᠰᠠᠨ ᠰᠠᠨᠠᠯ ᠵᠢᠠᠷ ᠴᠡᠭ᠍ᠴᠡᠯᠡᠨ ᠰᠠᠢ᠌ᠵᠢ᠍ᠷᠠᠭᠤᠯᠵᠤ ᠨᠠᠢ᠌ᠳ᠋ᠠᠪᠤᠷᠢ᠍ᠵᠢ᠍ᠭᠤᠯᠬᠤ ᠠᠵᠢ᠍ᠯ ᠤᠨ ᠪᠠᠢ᠌ᠷᠢ᠍ᠯᠠᠭᠤᠯᠤᠯᠳ᠋ᠠ ᠶᠢᠨ ᠬᠤᠷᠠᠯ ᠢ ᠵᠤᠬᠢᠶᠠᠨ ᠪᠠᠢ᠌ᠭᠤᠯᠵᠤ ᠬᠤᠷᠠᠯᠳ᠋ᠤᠭᠤᠯᠤᠨ᠂ ᠦᠪᠡᠷᠳ᠋ᠡᠭᠡᠨ ᠵᠠᠰᠠᠬᠤ ᠤᠷᠤᠨ ᠤ ᠲᠦ᠋ᠪ ᠤᠨ ᠨᠢ᠋ᠮᠠᠳ᠋ᠤᠭᠠᠷ ᠲᠤᠭᠤᠷᠢ᠍ᠨ ᠪᠠᠢ᠌ᠴᠠᠭᠠᠬᠤ ᠲᠤᠭᠤᠢ᠌ᠯᠠᠩ ᠤᠨ ᠲᠤᠭᠤᠷᠢ᠍ᠨ ᠪᠠᠢ᠌ᠴᠠᠭᠠᠵᠤ ᠬᠠᠷᠢ᠍ᠭᠤ ᠲᠤᠰᠬᠠᠭᠰᠠᠨ ᠰᠠᠨᠠᠯ ᠢ ᠨᠠᠢ᠌ᠳ᠋ᠠᠪᠤᠷᠢ᠍ᠵᠢ᠍ᠭᠤᠯᠬᠤ ᠲᠠᠢ᠌ᠴᠢ᠍ᠯᠠᠯᠳ᠋ᠠ ᠪᠠᠢ᠌ᠷᠢ᠍ᠯᠠᠭᠤᠯᠤᠯᠳ᠋ᠠ ᠶᠢᠨ ᠬᠤᠷᠠᠯ ᠤᠨ ᠵᠤᠷᠢ᠍ᠭ ᠰᠠᠨᠠᠭ᠎ᠠ ᠶᠢ ᠤᠯᠠᠮᠵᠢ᠍ᠯᠡᠨ ᠰᠤᠷᠤᠯᠴᠠᠵᠤ᠂ ᠲᠤᠭᠤᠰᠢ᠍ᠯᠠᠭᠤᠯᠤᠨ ᠨᠠᠢ᠌ᠳ᠋ᠠᠪᠤᠷᠢ᠍ᠵᠢ᠍ᠭᠤᠯᠬᠤ ᠠᠵᠢ᠍ᠯ ᠢ ᠰᠤᠳ᠋ᠤᠯᠤᠨ ᠪᠠᠢ᠌ᠷᠢ᠍ᠯᠠᠭᠤᠯᠵᠤ᠂ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠨᠠᠮ ᠤᠨ ᠤᠳ᠋ᠤᠷᠢ᠍ᠳᠬᠤ ᠲᠤᠭᠤᠢ᠌ᠯᠠᠩ ᠤᠨ ᠱᠦ᠋ᠵᠢ᠂ ᠡᠷᠬᠢᠯᠡᠭ᠍ᠴᠢ᠂ ᠴᠡᠭ᠍ᠴᠡᠯᠡᠨ ᠰᠠᠢ᠌ᠵᠢ᠍ᠷᠠᠭᠤᠯᠬᠤ ᠠᠵᠢ᠍ᠯ ᠤᠨ ᠤᠳ᠋ᠤᠷᠢ᠍ᠳᠬᠤ ᠲᠤᠭᠤᠢ᠌ᠯᠠᠩ ᠤᠨ ᠲᠠᠷᠤᠭ᠎ᠠ ᠡᠦ ᠴᠢ᠍ᠩ ᠬᠠᠢ ᠬᠤᠷᠠᠯ ᠡᠷᠬᠢᠯᠡᠪᠡ᠃

ᠬᠤᠷᠠᠯ ᠡᠴᠡ᠂ ᠲᠤᠭᠤᠷᠢ᠍ᠨ ᠪᠠᠢ᠌ᠴᠠᠭᠠᠯᠳ᠋ᠠ ᠶᠢᠨ ᠬᠠᠷᠢ᠍ᠭᠤ ᠲᠤᠰᠬᠠᠬᠰᠠᠨ ᠰᠠᠨᠠᠯ ᠪᠤᠯ ᠨᠠᠮ ᠤᠨ ᠲᠦ᠋ᠪ ᠬᠤᠷᠢ᠍ᠶ᠎ᠠ ᠶᠢᠨ ᠱᠠᠭᠠᠷᠳ᠋ᠠᠯᠭ᠎ᠠ ᠶᠢ ᠲᠦ᠋ᠯᠦᠭᠡᠯᠡᠵᠦ ᠨᠠᠮ ᠤᠨ ᠲᠦ᠋ᠪ ᠬᠤᠷᠢ᠍ᠶᠠᠨ ᠤ ᠡᠷᠭᠡ ᠰᠦ᠋ᠷ ᠶᠢ ᠢᠯᠡᠷᠡᠭᠦᠯᠦᠭ᠍ᠰᠡᠨ ᠪᠠᠢ᠌ᠨ᠎ᠠ᠃ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠨᠠᠮ ᠤᠨ ᠤᠳ᠋ᠤᠷᠢ᠍ᠳᠬᠤ ᠲᠤᠭᠤᠢ᠌ᠯᠠᠩ ᠤᠯᠤᠰ ᠲᠦ᠋ᠷᠦ ᠶᠢᠨ ᠬᠠᠷᠢ᠍ᠭᠤᠴᠠᠯᠭ᠎ᠠ ᠶᠢ ᠡᠭᠦᠷᠭᠡᠯᠡᠵᠦ᠂ ᠤᠯᠤᠰ ᠲᠦ᠋ᠷᠦ ᠶᠢᠨ ᠡᠭᠦᠷᠭᠡᠯᠡᠯ ᠶᠢᠡᠨ ᠴᠢ᠍ᠩᠭ᠋ᠠᠳᠬᠠᠨ᠂ ᠲᠤᠭᠤᠷᠢ᠍ᠨ ᠪᠠᠢ᠌ᠴᠠᠭᠠᠯᠳ᠋ᠠ ᠶᠢᠨ ᠴᠡᠭ᠍ᠴᠡᠯᠡᠨ ᠰᠠᠢ᠌ᠵᠢ᠍ᠷᠠᠭᠤᠯᠬᠤ ᠡᠯ᠎ᠠ ᠵᠦ᠋ᠢ᠍ᠯ ᠤᠨ ᠡᠭᠦᠷᠭᠡ ᠠᠷᠭ᠎ᠠ ᠠᠪᠴᠡᠯ ᠢ ᠲᠡᠷᠡ ᠶᠤᠰᠤᠭᠠᠷ ᠨᠢ ᠰᠠᠢ᠌ᠳ᠋ᠤᠷ ᠲᠤᠭᠤᠰᠢ᠍ᠯᠠᠭᠤᠯᠤᠨ ᠨᠠᠢ᠌ᠳ᠋ᠠᠪᠤᠷᠢ᠍ᠵᠢ᠍ᠭᠤᠯᠵᠤ᠂ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠠᠵᠢ᠍ᠯ ᠤᠨ ᠪᠤᠳ᠋ᠠᠳ᠋ᠠᠢ ᠠᠵᠢ᠍ᠯ ᠲᠡᠶ ᠤᠶᠠᠯᠳ᠋ᠤᠭᠤᠯᠤᠨ ᠲᠦ᠋ᠪ ᠬᠤᠷᠢ᠍ᠶᠠᠨ ᠤ ᠬᠠᠷᠢ᠍ᠭᠤ ᠲᠤᠰᠬᠠᠭᠰᠠᠨ ᠰᠠᠨᠠᠯ ᠶᠢᠡᠷ ᠪᠦᠬᠦ ᠲᠠᠯ᠎ᠠ ᠪᠠᠷ ᠴᠡᠭ᠍ᠴᠡᠯᠡᠨ ᠰᠠᠢ᠌ᠵᠢ᠍ᠷᠠᠭᠤᠯᠵᠤ᠂ ᠪᠤᠳ᠋ᠠᠳ᠋ᠤ ᠦᠷ᠎ᠠ ᠪᠦᠳ᠋ᠦᠮᠵᠢ ᠤᠯᠬᠤ ᠶᠢ ᠦᠨᠡᠨᠬᠦ ᠪᠠᠳ᠋ᠤᠯᠠᠬᠤ ᠬᠡᠷᠡᠭ᠍ᠳ᠋ᠠᠢ ᠭᠡᠵᠦ ᠵᠢᠭᠠᠵᠤ ᠭᠠᠷᠭᠠᠪᠠ᠃

ᠬᠤᠷᠠᠯ ᠡᠴᠡ᠂ ᠬᠤᠰᠢ᠍ᠭᠤᠨ ᠤ ᠲᠤᠭᠤᠷᠢ᠍ᠨ ᠪᠠᠢ᠌ᠴᠠᠭᠠᠯᠳ᠋ᠠ ᠶᠢᠨ ᠬᠠᠷᠢ᠍ᠭᠤ ᠲᠤᠰᠬᠠᠭᠰᠠᠨ ᠰᠠᠨᠠᠯ ᠢ ᠴᠡᠭ᠍ᠴᠡᠯᠡᠨ ᠰᠠᠢ᠌ᠵᠢ᠍ᠷᠠᠭᠤᠯᠬᠤ ᠲᠦ᠋ᠰᠦᠯ ᠤᠨ ᠱᠠᠭᠠᠷᠳ᠋ᠠᠯᠭ᠎ᠠ ᠪᠠ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠠᠵᠢ᠍ᠯ ᠤᠨ ᠡᠭᠦᠷᠭᠡ ᠴᠢ᠍ᠳ᠋ᠠᠪᠤᠷᠢ ᠲᠡᠶ ᠤᠶᠠᠯᠳ᠋ᠤᠭᠤᠯᠵᠤ᠂ ᠠᠰᠠᠭᠤᠳ᠋ᠠᠯ ᠤᠨ ᠲᠠᠩᠰᠠ ᠶᠢ ᠲᠤᠭᠳ᠋ᠠᠭᠠᠨ᠂ ᠴᠡᠭ᠍ᠴᠡᠯᠡᠨ ᠰᠠᠢ᠌ᠵᠢ᠍ᠷᠠᠭᠤᠯᠬᠤ ᠠᠷᠭ᠎ᠠ ᠠᠪᠴᠢ᠍ᠯ ᠢ ᠨᠠᠷᠢ᠍ᠯᠢ᠍ᠭᠵᠢ᠍ᠭᠤᠯᠵᠤ᠂ ᠴᠡᠭ᠍ᠴᠡᠯᠡᠨ ᠰᠠᠢ᠌ᠵᠢ᠍ᠷᠠᠭᠤᠯᠬᠤ ᠡᠭᠦᠷᠭᠡ᠂ ᠴᠠᠭ ᠤᠨ ᠬᠢᠵᠠᠭᠠᠷ᠂ ᠬᠠᠷᠢ᠍ᠭᠤᠴᠠᠯᠭ᠎ᠠ ᠶᠢ ᠲᠤᠳ᠋ᠤᠷᠬᠠᠢ᠌ᠯᠡᠨ ᠴᠡᠭ᠍ᠴᠡᠯᠡᠨ ᠰᠠᠢ᠌ᠵᠢ᠍ᠷᠠᠭᠤᠯᠬᠤ ᠠᠵᠢ᠍ᠯ ᠢ ᠦᠨᠡᠨᠬᠦ ᠨᠠᠢ᠌ᠳ᠋ᠠᠪᠤᠷᠢ᠍ᠵᠢ᠍ᠭᠤᠯᠤᠭᠰᠠᠨ᠂ ᠵᠦ᠋ᠢ᠍ᠯ ᠲᠠᠷᠠᠭᠠᠯᠠᠨ ᠦᠨᠡᠨᠬᠦ ᠪᠤᠳ᠋ᠠᠳ᠋ᠠᠢ ᠳᠤ ᠨᠠᠢ᠌ᠳ᠋ᠠᠪᠤᠷᠢ᠍ᠵᠢ᠍ᠭᠤᠯᠤᠨ ᠨᠠᠷᠢ᠍ᠯᠢ᠍ᠭᠵᠢ᠍ᠭᠤᠯᠵᠤ᠂ ᠡᠯ᠎ᠠ ᠲᠤᠰᠬᠠᠢ ᠠᠵᠢ᠍ᠯ ᠤᠨ ᠵᠦ᠋ᠪᠯᠡᠯ ᠪᠤᠯᠤᠨ ᠬᠠᠮᠢ᠍ᠶ᠎ᠠ ᠪᠦᠬᠦᠢ ᠬᠠᠷᠢ᠍ᠭᠤᠴᠠᠯᠭᠠᠳ᠋ᠠᠨ ᠬᠠᠷᠢ᠍ᠭᠤᠴᠠᠯᠭ᠎ᠠ ᠪᠠᠨ ᠡᠭᠦᠷᠭᠡᠯᠡᠨ᠂ ᠲᠤᠭᠤᠷᠢ᠍ᠨ ᠪᠠᠢ᠌ᠴᠠᠭᠠᠯᠳ᠋ᠠ ᠶᠢᠨ ᠬᠠᠷᠢ᠍ᠭᠤ ᠲᠤᠰᠬᠠᠬᠰᠠᠨ ᠠᠰᠠᠭᠤᠳ᠋ᠠᠯ ᠢ ᠴᠡᠭ᠍ᠴᠡᠯᠡᠨ ᠰᠠᠢ᠌ᠵᠢ᠍ᠷᠠᠭᠤᠯᠬᠤ ᠶᠢ ᠤᠳ᠋ᠤᠬᠠᠨ ᠤ ᠴᠢ᠍ᠬᠤᠯᠠ ᠶᠡᠬᠡ ᠤᠯᠤᠰ ᠲᠦ᠋ᠷᠦ ᠶᠢᠨ ᠡᠭᠦᠷᠭᠡ ᠪᠤᠯᠭᠠᠨ ᠠᠳᠬᠤᠵᠤ᠂ ᠲᠠᠩᠰᠠ ᠶᠢ ᠨᠠᠷᠢ᠍ᠨ ᠬᠢᠨᠠᠮᠠᠭᠠᠢ ᠰᠤᠳ᠋ᠤᠯᠤᠨ᠂ ᠤᠨᠤᠪᠴᠢ᠍ᠳ᠋ᠠᠢ ᠵᠠᠳ᠋ᠠᠯᠤᠯᠳ᠋ᠠ ᠬᠢᠵᠦ᠂ ᠬᠡᠷᠡᠭ᠍ᠵᠢ᠍ᠭᠦᠯᠬᠦ ᠴᠢ᠍ᠨᠠᠷ ᠶᠢᠡᠷ ᠴᠢ᠍ᠩᠭ᠎ᠠ᠂ ᠨᠠᠢ᠌ᠳ᠋ᠠᠪᠤᠷᠢ᠍ᠵᠢ᠍ᠭᠤᠯᠬᠤ ᠴᠡᠭ᠍ᠴᠡᠯᠡᠨ ᠰᠠᠢ᠌ᠵᠢ᠍ᠷᠠᠭᠤᠯᠬᠤ ᠡᠭᠦᠷᠭᠡ ᠶᠢᠨ ᠠᠵᠢ᠍ᠯᠯᠠᠭᠠᠨ ᠤ ᠲᠦ᠋ᠰᠦᠯ ᠢ ᠤᠯᠠᠮ ᠨᠢ᠍ᠭᠡ ᠠᠯᠬᠤᠮ ᠨᠠᠷᠢ᠍ᠯᠢ᠍ᠭᠵᠢ᠍ᠭᠤᠯᠵᠦ᠂ ᠴᠡᠭ᠍ᠴᠡᠯᠡᠨ ᠰᠠᠢ᠌ᠵᠢ᠍ᠷᠠᠭᠤᠯᠵᠤ ᠪᠤᠳ᠋ᠠᠳ᠋ᠤ ᠠᠵᠢ᠍ᠯᠯᠭᠠ ᠪᠤᠯᠤᠨ ᠦᠷ᠎ᠠ ᠪᠦᠳ᠋ᠦᠮᠵᠢ ᠪᠠᠷ ᠨᠠᠮ ᠪᠠᠢ᠌ᠭᠤᠯᠤᠭᠳ᠋ᠠᠭᠰᠠᠨ 100 ᠵᠢᠯ ᠤᠨ ᠤᠢ ᠶᠢ ᠪᠡᠯᠭᠡᠯᠡᠶ᠎ᠠ ᠭᠡᠵᠦ ᠱᠠᠭᠠᠷᠲᠠᠵᠠᠢ᠃(ᠯᠸᠢ ᠫᠠᠩ)