ᠵᠠᠷᠤᠳ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢ᠍ᠶ᠎ᠠ《ᠪᠦᠭᠦᠳ᠋ᠡ ᠨᠠᠢ᠌ᠷᠠᠮᠳ᠋ᠠᠬᠤ ᠲᠤᠮᠳ᠋ᠠᠳ᠋ᠤ ᠠᠷᠠᠳ ᠤᠯᠤᠰ ᠤᠨ ᠤᠯᠤᠰ ᠤᠨ ᠨᠡᠢ᠌ᠳ᠋ᠡᠮ ᠬᠡᠷᠡᠭᠯᠡᠬᠦ ᠦᠭᠡ ᠬᠡᠯᠡ ᠦᠰᠦᠭ᠌ ᠪᠢᠴᠢ᠍ᠭ᠌ ᠤᠨ ᠬᠠᠦᠯᠢ》ᠵᠢ ᠲᠤᠭᠤᠰᠢ᠍ᠯᠠᠭᠤᠯᠤᠨ ᠨᠠᠢ᠌ᠳ᠋ᠠᠪᠤᠷᠢ᠍ᠵᠢ᠍ᠭᠤᠯᠤᠭᠰᠠᠨ ᠪᠠᠢ᠌ᠳ᠋ᠠᠯ ᠳᠤ ᠬᠠᠦᠯᠢ ᠬᠡᠷᠡᠭ᠍ᠵᠢ᠍ᠭᠦᠯᠦᠯᠳ᠋ᠡ ᠶᠢᠨ ᠪᠠᠢ᠌ᠴᠠᠭᠠᠯᠳ᠋ᠠ ᠬᠢᠪᠡ
5 ᠰᠠᠷ᠎ᠠ ᠶᠢᠨ 8᠊ᠦ ᠡᠳ᠋ᠦᠷ᠂ ᠵᠠᠷᠤᠳ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢ᠍ᠶ᠎ᠠ《ᠪᠦᠭᠦᠳ᠋ᠡ ᠨᠠᠢ᠌ᠷᠠᠮᠳ᠋ᠠᠬᠤ ᠲᠤᠮᠳ᠋ᠠᠳ᠋ᠤ ᠠᠷᠠᠳ ᠤᠯᠤᠰ ᠤᠨ ᠤᠯᠤᠰ ᠤᠨ ᠨᠡᠢ᠌ᠳ᠋ᠡᠮ ᠬᠡᠷᠡᠭᠯᠡᠬᠦ ᠦᠭᠡ ᠬᠡᠯᠡ ᠦᠰᠦᠭ᠌ ᠪᠢᠴᠢ᠍ᠭ᠌ ᠤᠨ ᠬᠠᠦᠯᠢ》ᠵᠢ ᠲᠤᠭᠤᠰᠢ᠍ᠯᠠᠭᠤᠯᠤᠨ ᠨᠠᠢ᠌ᠳ᠋ᠠᠪᠤᠷᠢ᠍ᠵᠢ᠍ᠭᠤᠯᠤᠭᠰᠠᠨ ᠪᠠᠢ᠌ᠳ᠋ᠠᠯ ᠳᠤ ᠬᠠᠦᠯᠢ ᠬᠡᠷᠡᠭ᠍ᠵᠢ᠍ᠭᠦᠯᠦᠯᠳ᠋ᠡ ᠶᠢᠨ ᠪᠠᠢ᠌ᠴᠠᠭᠠᠯᠳ᠋ᠠ ᠬᠢᠵᠦ᠂ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠲᠡᠳ᠋ ᠡᠷᠬᠢᠯᠡᠭ᠍ᠴᠢ ᠰᠦ᠋ᠩ ᠯᠢ᠍ᠶᠠᠨ ᠡᠾᠦ᠋ᠢ ᠪᠤᠯᠤᠨ ᠬᠠᠮᠢ᠍ᠶ᠎ᠠ ᠪᠦᠬᠦᠢ ᠬᠠᠷᠢ᠍ᠭᠤᠴᠠᠯᠭᠠᠳ᠋ᠠᠨ ᠤᠷᠤᠯᠴᠠᠪᠠ᠃

ᠰᠦ᠋ᠩ ᠯᠢ᠍ᠶᠠᠨ ᠡᠾᠦ᠋ᠢ ᠨᠡᠷ ᠤᠷᠢ᠍ᠳ ᠬᠤᠵᠢ᠍ᠳ ᠯᠦ᠋ᠪᠸᠢ ᠬᠤᠶᠠᠳ᠋ᠤᠭᠠᠷ ᠪᠠᠭ᠎ᠠ ᠰᠤᠷᠭᠠᠭᠤᠯᠢ ᠪᠠ ᠬᠤᠰᠢ᠍ᠭᠤᠨ ᠤ ᠮᠤᠩᠭ᠋ᠤᠯ ᠦᠨᠳ᠋ᠦᠰᠦᠳ᠋ᠡᠨ ᠤ ᠲᠤᠷᠰᠢ᠍ᠯᠳ᠋ᠡ ᠶᠢᠨ ᠪᠠᠭ᠎ᠠ ᠰᠤᠷᠭᠠᠭᠤᠯᠢ ᠳᠤ ᠬᠦᠷᠴᠦ᠂ ᠲᠤᠬᠠᠢ ᠶᠢᠨ ᠲᠠᠯᠠᠪᠠᠢ ᠳᠤ ᠪᠠᠢ᠌ᠴᠠᠭᠠᠨ ᠦᠵᠡᠬᠦ ᠪᠠ ᠠᠵᠢ᠍ᠯ ᠤᠨ ᠬᠠᠷᠢ᠍ᠭᠤ ᠮᠡᠳ᠋ᠡᠭᠦᠯᠦᠯᠳ᠋ᠡ ᠶᠢ ᠰᠤᠨᠤᠰᠬᠤ ᠬᠡᠯᠪᠡᠷᠢ ᠪᠠᠷ ᠲᠠᠮᠵᠢ᠍ᠨ᠂ ᠪᠦᠬᠦ ᠬᠤᠰᠢ᠍ᠭᠤᠨ ᠤ《ᠪᠦᠭᠦᠳ᠋ᠡ ᠨᠠᠢ᠌ᠷᠠᠮᠳ᠋ᠠᠬᠤ ᠲᠤᠮᠳ᠋ᠠᠳ᠋ᠤ ᠠᠷᠠᠳ ᠤᠯᠤᠰ ᠤᠨ ᠤᠯᠤᠰ ᠤᠨ ᠨᠡᠢ᠌ᠳ᠋ᠡᠮ ᠬᠡᠷᠡᠭᠯᠡᠬᠦ ᠦᠭᠡ ᠬᠡᠯᠡ ᠦᠰᠦᠭ᠌ ᠪᠢᠴᠢ᠍ᠭ᠌ ᠤᠨ ᠬᠠᠦᠯᠢ》᠂ ᠬᠠᠮᠢ᠍ᠶ᠎ᠠ ᠪᠦᠬᠦᠢ ᠬᠠᠦᠯᠢ ᠴᠠᠭᠠᠵᠠ ᠬᠠᠦᠯᠢ ᠲᠤᠭᠳ᠋ᠠᠭᠠᠯ ᠢ ᠲᠤᠭᠤᠰᠢ᠍ᠯᠠᠭᠤᠯᠤᠨ ᠨᠠᠢ᠌ᠳ᠋ᠠᠪᠤᠷᠢ᠍ᠵᠢ᠍ᠭᠤᠯᠵᠤ ᠪᠠᠢ᠌ᠭ᠎ᠠ ᠪᠠᠢ᠌ᠳ᠋ᠠᠯ ᠵᠢᠴᠢ ᠤᠷᠤᠰᠢ᠍ᠵᠤ ᠪᠠᠢ᠌ᠭ᠎ᠠ ᠠᠰᠠᠭᠤᠳ᠋ᠠᠯ ᠢ ᠨᠠᠷᠢ᠍ᠨ ᠤᠢ᠌ᠯᠠᠭᠠᠪᠠ᠃

ᠲᠤᠬᠠᠢ ᠶᠢᠨ ᠲᠠᠯᠠᠪᠠᠢ ᠳᠤ ᠪᠠᠢ᠌ᠴᠠᠭᠠᠨ ᠦᠵᠡᠵᠦ ᠲᠠᠭᠤᠰᠤᠭᠰᠠᠨ ᠤ ᠲᠠᠷᠠᠭ᠎ᠠ᠂ ᠰᠠᠭᠤᠳ᠋ᠠᠯ ᠤᠨ ᠬᠤᠷᠠᠯ ᠬᠤᠷᠠᠯᠳ᠋ᠤᠭᠤᠯᠵᠤ᠂ ᠰᠦ᠋ᠩ ᠯᠢ᠍ᠶᠠᠨ ᠡᠾᠦ᠋ᠢ ᠪᠦᠬᠦ ᠬᠤᠰᠢ᠍ᠭᠤᠨ ᠤ《ᠪᠦᠭᠦᠳ᠋ᠡ ᠨᠠᠢ᠌ᠷᠠᠮᠳ᠋ᠠᠬᠤ ᠲᠤᠮᠳ᠋ᠠᠳ᠋ᠤ ᠠᠷᠠᠳ ᠤᠯᠤᠰ ᠤᠨ ᠤᠯᠤᠰ ᠤᠨ ᠨᠡᠢ᠌ᠳ᠋ᠡᠮ ᠬᠡᠷᠡᠭᠯᠡᠬᠦ ᠦᠭᠡ ᠬᠡᠯᠡ ᠦᠰᠦᠭ᠌ ᠪᠢᠴᠢ᠍ᠭ᠌ ᠤᠨ ᠬᠠᠦᠯᠢ》ᠵᠢ ᠲᠤᠭᠤᠰᠢ᠍ᠯᠠᠭᠤᠯᠤᠨ ᠨᠠᠢ᠌ᠳ᠋ᠠᠪᠤᠷᠢ᠍ᠵᠢ᠍ᠭᠤᠯᠤᠭᠰᠠᠨ ᠪᠠᠢ᠌ᠳ᠋ᠠᠯ ᠢ ᠬᠦᠢ᠍ᠴᠡᠳ ᠨᠤᠳ᠋ᠠᠯᠠᠬᠤ ᠶᠢᠨ ᠬᠠᠮᠳ᠋ᠤ᠂ ᠤᠯᠤᠰ ᠤᠨ ᠨᠡᠢ᠌ᠳ᠋ᠡᠮ ᠬᠡᠷᠡᠭᠯᠡᠬᠦ ᠦᠭᠡ ᠬᠡᠯᠡ ᠦᠰᠦᠭ᠌ ᠪᠢᠴᠢ᠍ᠭ᠌ ᠤᠨ ᠲᠦ᠋ᠷᠢ᠍ᠮᠵᠢ᠍ᠭᠦᠯᠦᠯᠳ᠋ᠡ᠂ ᠪᠠᠷᠢ᠍ᠮᠵᠢ᠍ᠶᠠᠵᠢ᠍ᠭᠤᠯᠤᠯᠳ᠋ᠠ ᠶᠢᠨ ᠴᠢ᠍ᠬᠤᠯᠠ ᠴᠢ᠍ᠨᠠᠷ ᠤᠨ ᠲᠤᠬᠠᠢ ᠲᠠᠨᠢ᠍ᠯᠳ᠋ᠠ ᠪᠠᠨ ᠲᠡᠭᠡᠭ᠍ᠰᠢ᠍ᠯᠡᠭᠦᠯᠵᠦ᠂ ᠤᠬᠠᠭᠤᠯᠬᠤ ᠪᠠ ᠲᠤᠭᠤᠰᠢ᠍ᠯᠠᠭᠤᠯᠤᠨ ᠨᠠᠢ᠌ᠳ᠋ᠠᠪᠤᠷᠢ᠍ᠵᠢ᠍ᠭᠤᠯᠬᠤ ᠡᠷᠴᠢ᠍ᠮ ᠶᠢᠡᠨ ᠴᠢ᠍ᠩᠭ᠋ᠠᠷᠠᠭᠤᠯᠤᠨ᠂ ᠡᠯ᠎ᠠ ᠦᠨᠳ᠋ᠦᠰᠦᠳ᠋ᠡᠨ ᠨᠦ᠋ᠭᠦᠳ ᠤᠨ ᠰᠤᠯᠢ᠍ᠯᠴᠠᠭ᠎ᠠ᠂ ᠠᠭᠤᠰᠤᠯᠴᠡᠯ ᠢ ᠠᠬᠢᠭᠤᠯᠵᠤ᠂ ᠲᠤᠮᠳ᠋ᠠᠳ᠋ᠤ ᠶᠢᠨ ᠦᠨᠳ᠋ᠦᠰᠦᠳ᠋ᠡᠨ ᠤ ᠬᠠᠮᠳ᠋ᠤ ᠶᠢᠨ ᠴᠤᠭᠴᠠ ᠶᠢᠨ ᠤᠬᠠᠮᠰᠡᠷ ᠢ ᠪᠠᠳ᠋ᠤ ᠴᠤᠭᠴᠠᠯᠠᠬᠤ ᠬᠡᠷᠡᠭ᠍ᠳ᠋ᠠᠢ ᠭᠡᠵᠦ ᠱᠠᠭᠠᠷᠳ᠋ᠠᠵᠠᠢ᠃(ᠯᠸᠢ ᠫᠠᠩ)