ᠤᠳᠤ ᠶᠢᠨ ᠪᠠᠢ᠌ᠷᠢ᠄ ᠨᠠᠮ ᠤᠨ ᠪᠦᠳᠤᠭᠡᠨ ᠪᠠᠢ᠌ᠭᠤᠯᠤᠯᠳᠠ ᠶᠢᠨ ᠠᠵᠢᠯ → ᠵᠠᠷᠤᠳ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠤᠨ᠁
ᠵᠠᠷᠤᠳ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠪᠠᠢ᠌ᠭᠤᠯᠭ᠎ᠠ ᠨᠠᠮ ᠪᠠᠢ᠌ᠭᠤᠯᠤᠭᠳ᠋ᠠᠭᠰᠠᠨ


       
              ᠬᠤᠰᠢ᠍ᠭᠤᠨ ᠤ ᠨᠠᠮ ᠤᠨ ᠬᠤᠷᠢ᠍ᠶᠠᠨ ᠤ ᠨᠢ᠍ᠭᠤᠴᠠ ᠶᠢ ᠬᠠᠮᠠᠭᠠᠯᠠᠬᠤ ᠲᠤᠪᠴᠢ᠍ᠶᠠᠨ ᠤ ᠨᠠᠮ ᠪᠠᠢ᠌ᠭᠤᠯᠤᠭᠳ᠋ᠠᠭᠰᠠᠨ 100 ᠵᠢᠯ ᠤᠨ ᠤᠢ ᠶᠢ ᠪᠡᠯᠭᠡᠯᠡᠬᠦ ᠨᠢ᠍ᠭᠤᠴᠠ ᠶᠢ ᠬᠠᠮᠠᠭᠠᠯᠠᠬᠤ ᠬᠦᠮᠦᠵᠢ᠍ᠯ ᠤᠨ ᠠᠵᠢ᠍ᠯᠯᠠᠭ᠎ᠠ ᠦᠷᠨᠢᠭᠦᠯᠬᠦ ᠱᠠᠭᠠᠷᠳ᠋ᠠᠯᠭ᠎ᠠ ᠶᠢ ᠭᠦᠨᠵᠡᠭᠡᠢ ᠲᠤᠭᠤᠰᠢ᠍ᠯᠠᠭᠤᠯᠤᠨ ᠨᠠᠢ᠌ᠳ᠋ᠠᠪᠤᠷᠢ᠍ᠵᠢ᠍ᠭᠤᠯᠤᠨ᠂ ᠨᠢ᠍ᠭᠤᠴᠠ ᠶᠢ ᠬᠠᠮᠠᠭᠠᠯᠠᠬᠤ ᠮᠡᠳ᠋ᠡᠯᠭᠡ ᠶᠢ ᠤᠯᠠᠮ ᠨᠢ᠍ᠭᠡ ᠠᠯᠬᠤᠮ ᠲᠦ᠋ᠭᠡᠮᠡᠯᠵᠢ᠍ᠭᠦᠯᠵᠦ᠂ ᠪᠠᠢ᠌ᠭᠤᠯᠭ᠎ᠠ ᠶᠢᠨ ᠺᠠᠳ᠋ᠷ ᠠᠵᠢ᠍ᠯᠳ᠋ᠠᠨ ᠤ ᠨᠢ᠍ᠭᠤᠴᠠ ᠶᠢ ᠬᠠᠮᠠᠭᠠᠯᠠᠬᠤ ᠤᠬᠠᠮᠰᠡᠷ ᠪᠠ ᠨᠢ᠍ᠭᠤᠴᠠ ᠶᠢ ᠬᠠᠮᠠᠭᠠᠯᠠᠬᠤ ᠶᠡᠷᠦ ᠶᠢᠨ ᠮᠡᠳ᠋ᠡᠯᠭᠡ ᠶᠢ ᠴᠢ᠍ᠩᠭ᠋ᠠᠳᠬᠠᠬᠤ ᠶᠢᠨ ᠲᠦ᠋ᠯᠦᠭᠡ᠂ 5 ᠰᠠᠷ᠎ᠠ ᠶᠢᠨ 8 ᠊ᠦ ᠡᠳ᠋ᠦᠷ᠂ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠪᠠᠢ᠌ᠭᠤᠯᠭ᠎ᠠ ᠪᠦᠬᠦ ᠺᠠᠳ᠋ᠷ ᠠᠵᠢ᠍ᠯᠳ᠋ᠡᠨ ᠢ ᠵᠤᠬᠢᠶᠠᠨ ᠪᠠᠢ᠌ᠭᠤᠯᠵᠤ ᠰᠦ᠋ᠯᠵᠢ᠍ᠶᠡᠨ ᠭᠠᠳ᠋ᠠᠨᠠᠬᠢ ᠰᠤᠷᠤᠯᠴᠠᠯᠭ᠎ᠠ᠂ ᠰᠦ᠋ᠯᠵᠢ᠍ᠶᠡᠨ ᠲᠡᠭᠡᠷᠡᠬᠢ ᠤᠷᠤᠯᠳ᠋ᠤᠭᠠᠨ ᠶᠢᠡᠷ ᠲᠠᠮᠵᠢ᠍ᠨ ᠨᠢ᠍ᠭᠤᠴᠠ ᠶᠢ ᠬᠠᠮᠠᠭᠠᠯᠠᠬᠤ ᠤᠬᠠᠭᠤᠯᠭ᠎ᠠ ᠬᠦᠮᠦᠵᠢ᠍ᠯ ᠤᠨ ᠠᠵᠢ᠍ᠯᠯᠠᠭ᠎ᠠ ᠦᠷᠨᠢᠭᠦᠯᠪᠡ᠃ ᠪᠠᠢ᠌ᠭᠤᠯᠭ᠎ᠠ ᠶᠢᠨ ᠤᠷᠢ᠍ᠯᠭ᠎ᠠ ᠪᠠᠷ ᠬᠤᠰᠢ᠍ᠭᠤᠨ ᠤ ᠨᠢ᠍ᠭᠤᠴᠠ ᠶᠢ ᠬᠠᠮᠠᠭᠠᠯᠠᠬᠤ ᠲᠤᠪᠴᠢ᠍ᠶᠠᠨ ᠤ ᠲᠡᠳ᠋ ᠲᠤᠪᠴᠢ᠍ᠶᠠᠨ ᠲᠠᠷᠤᠭ᠎ᠠ ᠸᠠᠩ ᠴᠦ᠋ᠨ ᠯᠢ᠍ᠩ《ᠵᠤᠪᠠᠨᠢ᠍ᠬᠤ ᠤᠬᠠᠮᠰᠡᠷ ᠢ ᠴᠢ᠍ᠩᠭ᠋ᠠᠳᠬᠠᠨ᠂ ᠨᠢ᠍ᠭᠤᠴᠠ ᠶᠢ ᠬᠠᠮᠠᠭᠠᠯᠠᠬᠤ ᠰᠡᠷᠭᠡᠢ᠌ᠯᠡᠯᠳ᠋ᠡ ᠶᠢᠨ ᠱᠤᠭᠤᠮ ᠢ ᠪᠠᠳ᠋ᠦ ᠪᠡᠬᠢ ᠪᠠᠢ᠌ᠭᠤᠯᠤᠶ᠎ᠠ》ᠭᠡᠬᠦ ᠰᠡᠳ᠋ᠦᠪ ᠶᠢᠡᠷ ᠲᠤᠰᠬᠠᠢ ᠰᠡᠳ᠋ᠦᠪᠳ᠋ᠦ ᠬᠢᠴᠢ᠍ᠶᠡᠯᠯᠡᠭᠡ ᠬᠢᠪᠡ᠃

       


       
              ᠬᠢᠴᠢ᠍ᠶᠡᠯ ᠰᠤᠨᠤᠰᠤᠭᠰᠠᠨ ᠰᠠᠭᠤᠷᠢ᠍ᠨ ᠲᠡᠭᠡᠷ᠎ᠠ᠂ ᠪᠦᠬᠦ ᠺᠠᠳ᠋ᠷ ᠠᠵᠢ᠍ᠯᠳ᠋ᠡᠨ ᠢ ᠵᠤᠬᠢᠶᠠᠨ ᠪᠠᠢ᠌ᠭᠤᠯᠵᠤ《ᠨᠢ᠍ᠭᠤᠴᠠ ᠶᠢ ᠬᠠᠮᠠᠭᠠᠯᠠᠬᠤ ᠦᠵᠡᠯᠳ᠋ᠡ》ᠭᠡᠬᠦ ᠸᠢ᠍ᠴᠠᠲ ᠤᠯᠠᠨ ᠨᠡᠢ᠌ᠳ᠋ᠡ ᠶᠢᠨ ᠳ᠋ᠤᠭᠠᠷ ᠢ ᠠᠩᠬᠠᠷᠤᠨ ᠰᠡᠳ᠋ᠦᠪ ᠬᠠᠷᠢ᠍ᠭᠤᠯᠬᠤ ᠠᠵᠢ᠍ᠯᠯᠠᠭ᠎ᠠ ᠳᠤ ᠤᠷᠤᠯᠴᠠᠭᠤᠯᠵᠤ᠂ ᠪᠦᠬᠦ ᠺᠠᠳ᠋ᠷ ᠠᠵᠢ᠍ᠯᠳ᠋ᠡᠨ ᠤ ᠨᠢ᠍ᠭᠤᠴᠠ ᠶᠢ ᠬᠠᠮᠠᠭᠠᠯᠠᠬᠤ ᠠᠵᠢ᠍ᠯ ᠤᠨ ᠲᠤᠬᠠᠢ ᠲᠠᠨᠢᠯᠳᠠ ᠶᠢ ᠤᠯᠠᠮ ᠨᠢ᠍ᠭᠡ ᠠᠯᠬᠤᠮ ᠴᠢ᠍ᠩᠭ᠋ᠠᠳᠬᠠᠵᠠᠢ᠃

       
              ᠲᠤᠰ ᠤᠳ᠋ᠠᠭᠠᠨ ᠤ ᠨᠢ᠍ᠭᠤᠴᠠ ᠶᠢ ᠬᠠᠮᠠᠭᠠᠯᠠᠬᠤ ᠮᠡᠳ᠋ᠡᠯᠭᠡ ᠶᠢᠨ ᠤᠬᠠᠭᠤᠯᠭ᠎ᠠ ᠶᠢᠨ ᠬᠦᠮᠦᠵᠢ᠍ᠯ ᠤᠨ ᠠᠵᠢ᠍ᠯᠯᠠᠭ᠎ᠠ ᠪᠤᠯ ᠨᠢ᠍ᠭᠡ ᠤᠳ᠋ᠠᠭᠠᠨ ᠤ ᠨᠢ᠍ᠭᠤᠴᠠ ᠶᠢ ᠬᠠᠮᠠᠭᠠᠯᠠᠬᠤ ᠮᠡᠳ᠋ᠡᠯᠭᠡ ᠶᠢ ᠰᠤᠷᠤᠯᠴᠠᠬᠤ᠂ ᠨᠢ᠍ᠭᠤᠴᠠ ᠶᠢ ᠬᠠᠮᠠᠭᠠᠯᠠᠬᠤ ᠦᠵᠡᠯᠳ᠋ᠡ ᠪᠠᠨ ᠲᠡᠭᠡᠭ᠍ᠰᠢ᠍ᠯᠡᠭᠦᠯᠬᠦ᠂ ᠨᠢ᠍ᠭᠤᠴᠠ ᠶᠢ ᠬᠠᠮᠠᠭᠠᠯᠠᠬᠤ ᠤᠬᠠᠮᠰᠡᠷ ᠶᠢᠡᠨ ᠴᠢ᠍ᠩᠭ᠋ᠠᠳᠬᠠᠬᠤ ᠰᠠᠢ᠌ᠨ ᠲᠤᠬᠢᠶᠠᠯ ᠪᠤᠯᠤᠨ᠎ᠠ᠂ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠪᠠᠢ᠌ᠭᠤᠯᠭ᠎ᠠ ᠲᠤᠰ ᠤᠳ᠋ᠠᠭᠠᠨ ᠤ ᠠᠵᠢ᠍ᠯᠯᠠᠭ᠎ᠠ ᠪᠠᠷ ᠲᠤᠬᠢᠶᠠᠯ ᠪᠤᠯᠭᠠᠵᠤ ᠨᠢ᠍ᠭᠤᠴᠠ ᠶᠢ ᠬᠠᠮᠠᠭᠠᠯᠠᠬᠤ ᠮᠡᠳ᠋ᠡᠯᠭᠡ ᠶᠢᠨ ᠰᠤᠷᠤᠯᠴᠠᠯᠭ᠎ᠠ ᠪᠠ ᠨᠢ᠍ᠭᠤᠴᠠ ᠶᠢ ᠬᠠᠮᠠᠭᠠᠯᠠᠬᠤ ᠬᠦᠮᠦᠵᠢ᠍ᠯ ᠢ ᠭᠦᠨᠵᠡᠭᠡᠢ᠌ᠷᠡᠭᠦᠯᠦᠭ᠍ᠰᠡᠨ ᠪᠠᠢ᠌ᠨ᠎ᠠ᠃(ᠯᠸᠢ ᠫᠠᠩ)

ᠡᠮᠦᠨᠡᠬᠢ᠄ ᠯᠦ᠋ᠪᠸᠢ ᠪᠠᠯᠭᠠᠰᠤ ᠠᠷᠠᠳ ᠤᠨ ᠲᠦ᠋ᠯᠦᠭᠡᠯᠡᠭ᠍ᠴᠢ᠍ᠳ ᠶᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢ᠍ᠯ ᠤᠨ ᠪᠤᠯᠪᠠᠰᠤᠷᠠᠯ ᠤᠨ ᠬᠤᠷᠠᠯ ᠬᠤᠷᠠᠯᠳ᠋ᠤᠭᠤᠯᠪᠠ
ᠳᠠᠷᠠᠭᠠᠬᠢ᠄ ᠵᠠᠷᠤᠳ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠪᠠᠢ᠌ᠭᠤᠯᠭ᠎ᠠ