ᠵᠠᠷᠤᠳ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠪᠠᠢ᠌ᠭᠤᠯᠭ᠎ᠠ

5 ᠰᠠᠷ᠎ᠠ ᠶᠢᠨ 8᠊ᠦ ᠡᠳ᠋ᠦᠷ᠂ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠪᠠᠢ᠌ᠭᠤᠯᠭ᠎ᠠ ᠪᠦᠬᠦ ᠨᠠᠮ ᠤᠨ ᠭᠡᠰᠢ᠍ᠭᠦᠨ ᠺᠠᠳ᠋ᠷᠴᠤᠳ ᠤᠨ ᠬᠤᠷᠠᠯ ᠬᠤᠷᠠᠯᠳ᠋ᠤᠭᠤᠯᠵᠤ᠂ ᠪᠠᠢ᠌ᠭᠤᠯᠭ᠎ᠠ ᠶᠢᠨ ᠨᠠᠮ ᠤᠨ ᠡᠭᠦᠷ ᠤᠨ ᠱᠦ᠋ᠵᠢ ᠯᠢ ᠴᠸᠩ ᠭᠦᠸᠸ ᠬᠤᠷᠠᠯ ᠡᠷᠬᠢᠯᠡᠪᠡ᠃

ᠬᠤᠷᠠᠯ ᠲᠡᠭᠡᠷ᠎ᠠ᠂ ᠲᠦ᠋ᠩᠯᠢ᠍ᠶᠤᠤ ᠬᠤᠳ᠋ᠠ ᠶᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢ᠍ᠯ ᠤᠨ ᠬᠠᠮᠢ᠍ᠶ᠎ᠠ ᠪᠦᠬᠦᠢ ᠪᠢᠴᠢ᠍ᠭ᠌ ᠮᠠᠲ᠋ᠸᠷᠢ᠍ᠶᠠᠯ ᠤᠨ ᠵᠤᠷᠢ᠍ᠭ ᠰᠠᠨᠠᠭ᠎ᠠ ᠶᠢ ᠤᠯᠠᠮᠵᠢ᠍ᠯᠡᠨ ᠰᠤᠷᠤᠯᠴᠠᠬᠤ ᠶᠢᠨ ᠬᠠᠮᠳ᠋ᠤ᠂ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠪᠠᠢ᠌ᠭᠤᠯᠭ᠎ᠠ ᠶᠢᠨ ᠪᠤᠳ᠋ᠠᠳ᠋ᠠᠢ ᠪᠠᠢ᠌ᠳ᠋ᠠᠯ ᠲᠡᠶ ᠤᠶᠠᠯᠳ᠋ᠤᠭᠤᠯᠤᠨ ᠲᠤᠬᠢᠷᠠᠭᠤᠯᠤᠯᠳ᠋ᠠ ᠪᠠᠢ᠌ᠷᠢ᠍ᠯᠠᠭᠤᠯᠤᠯᠳ᠋ᠠ ᠬᠢᠪᠡ᠃

ᠬᠤᠷᠠᠯ ᠡᠴᠡ᠂ ᠨᠠᠮ ᠤᠨ ᠲᠦ᠋ᠪ ᠬᠤᠷᠢ᠍ᠶ᠎ᠠ᠂ ᠦᠪᠡᠷᠳ᠋ᠡᠭᠡᠨ ᠵᠠᠰᠠᠬᠤ ᠤᠷᠤᠨ ᠤ ᠨᠠᠮ ᠤᠨ ᠬᠤᠷᠢ᠍ᠶ᠎ᠠ᠂ ᠬᠤᠳ᠋ᠠ ᠶᠢᠨ ᠨᠠᠮ ᠤᠨ ᠬᠤᠷᠢ᠍ᠶ᠎ᠠ ᠪᠠ ᠬᠤᠰᠢ᠍ᠭᠤᠨ ᠤ ᠨᠠᠮ ᠤᠨ ᠬᠤᠷᠢ᠍ᠶᠠᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢ᠍ᠯ ᠤᠨ ᠬᠠᠮᠢ᠍ᠶ᠎ᠠ ᠪᠦᠬᠦᠢ ᠪᠠᠢ᠌ᠷᠢ᠍ᠯᠠᠭᠤᠯᠤᠯᠳ᠋ᠠ ᠶᠢᠨ ᠱᠠᠭᠠᠷᠳ᠋ᠠᠯᠭ᠎ᠠ ᠶᠢ ᠨᠠᠷᠢ᠍ᠨ ᠬᠢᠨᠠᠮᠠᠭᠠᠢ ᠲᠤᠭᠤᠰᠢ᠍ᠯᠭᠤᠯᠤᠨ ᠨᠠᠢ᠌ᠳ᠋ᠠᠪᠤᠷᠢ᠍ᠵᠢ᠍ᠭᠤᠯᠵᠤ᠂ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠠᠵᠢ᠍ᠯ ᠤᠨ ᠤᠨᠴᠠᠯᠢ᠍ᠭ ᠪᠠ ᠪᠤᠳ᠋ᠠᠳ᠋ᠤ ᠪᠠᠢ᠌ᠳ᠋ᠠᠯ ᠲᠡᠶ ᠨᠢ᠍ᠭᠳ᠋ᠠ ᠤᠶᠠᠯᠳ᠋ᠤᠭᠤᠯᠤᠨ᠂ ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢ᠍ᠯ ᠢ ᠰᠠᠢ᠌ᠳ᠋ᠤᠷ ᠠᠳᠬᠤᠵᠤ᠂《ᠨᠠᠮ ᠤᠨ ᠲᠡᠦᠬᠡ ᠶᠢ ᠰᠤᠷᠤᠯᠴᠠᠵᠤ᠂ ᠦᠨᠳ᠋ᠦᠰᠦᠳ᠋ᠡᠨ ᠤ ᠪᠦᠯᠬᠦᠮᠳ᠋ᠡᠯ ᠲᠠᠪᠰᠢ᠍ᠯᠳ᠋ᠡ ᠶᠢᠨ ᠦᠢ᠍ᠯᠡᠰ ᠢ ᠠᠬᠢᠭᠤᠯᠬᠤ》《ᠪᠢ ᠤᠯᠠᠨ ᠲᠦ᠋ᠮᠡᠨ ᠳᠤ ᠪᠤᠳ᠋ᠠᠳ᠋ᠤ ᠶᠠᠪᠤᠳ᠋ᠠᠯ ᠬᠢᠵᠦ ᠦᠭᠬᠦ》ᠵᠡᠷᠭᠡ ᠦᠢ᠍ᠯᠡᠳ᠋ᠦᠯᠭᠡ ᠶᠢᠨ ᠠᠵᠢ᠍ᠯᠯᠠᠭ᠎ᠠ ᠶᠢ ᠭᠦᠨᠵᠡᠭᠡᠢ ᠦᠷᠨᠢᠭᠦᠯᠬᠦ ᠡᠴᠡ ᠭᠠᠷᠳ᠋ᠠᠨ᠂ ᠦᠨᠳ᠋ᠦᠷ ᠪᠠᠷᠢ᠍ᠮᠵᠢ᠍ᠶᠠᠳ᠋ᠤ ᠴᠢ᠍ᠨᠠᠷ ᠰᠠᠢ᠌ᠳ᠋ᠠᠢ ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢ᠍ᠯ ᠢ ᠦᠷᠨᠢᠭᠦᠯᠵᠦ᠂ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠪᠠᠢ᠌ᠭᠤᠯᠭ᠎ᠠ ᠶᠢᠨ ᠡᠳ᠋ᠦᠷ ᠲᠤᠳ᠋ᠤᠮ ᠤᠨ ᠠᠵᠢ᠍ᠯ ᠪᠤᠯᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢ᠍ᠯ ᠲᠡᠶ ᠤᠶᠠᠯᠳ᠋ᠤᠭᠤᠯᠤᠨ᠂ ᠲᠦ᠋ᠷᠦᠭᠦᠯᠡᠨ ᠵᠢᠱᠢ᠍ᠶ᠎ᠠ ᠦᠵᠡᠭᠦᠯᠵᠦ᠂ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠪᠠᠢ᠌ᠭᠤᠯᠭ᠎ᠠ ᠶᠢᠨ ᠨᠠᠮ ᠤᠨ ᠭᠡᠰᠢ᠍ᠭᠦᠨ ᠺᠠᠳ᠋ᠷᠴᠤᠳ ᠤᠨ ᠵᠢᠱᠢ᠍ᠶ᠎ᠠ ᠦᠵᠡᠭᠦᠯᠦᠨ ᠲᠠᠢ᠌ᠴᠢ᠍ᠯᠠᠬᠤ ᠦᠢ᠍ᠯᠡᠳ᠋ᠦᠯ ᠢ ᠭᠦᠢ᠍ᠴᠡᠳ ᠪᠠᠳ᠋ᠠᠷᠠᠭᠤᠯᠤᠨ᠂ ᠨᠠᠮ ᠤᠨ ᠲᠡᠦᠬᠡ ᠶᠢ ᠰᠤᠷᠤᠯᠴᠠᠵᠤ᠂ ᠦᠵᠡᠯ ᠰᠠᠨᠠᠭ᠎ᠠ ᠪᠠᠨ ᠰᠡᠭᠡᠭᠡᠷᠡᠭᠦᠯᠦᠨ᠂ ᠪᠤᠳ᠋ᠠᠳ᠋ᠤ ᠶᠠᠪᠤᠳ᠋ᠠᠯ ᠬᠢᠵᠦ᠂ ᠰᠢ᠍ᠨ᠎ᠠ ᠪᠠᠢ᠌ᠳ᠋ᠠᠯ ᠢ ᠡᠭᠦᠳᠬᠦ ᠲᠠᠭᠤᠷᠢ᠍ᠶᠠᠯ ᠪᠤᠯᠵᠤ᠂ ᠰᠤᠷᠤᠯᠴᠠᠯᠭ᠎ᠠ ᠬᠦᠮᠦᠵᠢ᠍ᠯ ᠤᠨ ᠯᠠᠪᠳ᠋ᠠᠭᠤᠨ ᠪᠠᠳ᠋ᠤᠳ᠋ᠠᠢ ᠦᠷ᠎ᠠ ᠪᠦᠳ᠋ᠦᠮᠵᠢ ᠤᠯᠬᠤ ᠶᠢ ᠪᠠᠳ᠋ᠤᠯᠠᠨ᠂ ᠰᠤᠷᠤᠯᠴᠠᠯᠭ᠎ᠠ ᠬᠦᠮᠦᠵᠢ᠍ᠯ ᠤᠨ ᠡᠯ᠎ᠠ ᠵᠦ᠋ᠢ᠍ᠯ ᠤᠨ ᠡᠭᠦᠷᠭᠡ ᠶᠢ ᠦᠨᠳ᠋ᠦᠷ ᠪᠠᠷᠢ᠍ᠮᠵᠢ᠍ᠶᠠᠳ᠋ᠤ ᠴᠢ᠍ᠨᠠᠷ ᠰᠠᠢ᠌ᠳ᠋ᠠᠢ ᠪᠡᠶᠡᠯᠡᠭᠦᠯᠵᠦ᠂ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠠᠵᠢ᠍ᠯ ᠤᠨ ᠰᠢ᠍ᠨ᠎ᠠ ᠪᠠᠢ᠌ᠳ᠋ᠠᠯ ᠢ ᠲᠠᠰᠤᠷᠠᠯᠳ᠋ᠠ ᠦᠭᠡᠶ ᠡᠭᠦᠳᠬᠦ ᠬᠡᠷᠡᠭ᠍ᠳ᠋ᠠᠢ ᠭᠡᠵᠦ ᠱᠠᠭᠠᠷᠳ᠋ᠠᠵᠠᠢ᠃(ᠯᠸᠢ ᠫᠠᠩ)