ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢ᠍ᠶ᠎ᠠ《ᠪᠦᠭᠦᠳ᠋ᠡ ᠨᠠᠢ᠌ᠷᠠᠮᠳ᠋ᠠᠬᠤ ᠲᠤᠮᠳ᠋ᠠᠳ᠋ᠤ ᠠᠷᠠᠳ ᠤᠯᠤᠰ ᠤᠨ ᠬᠦᠷᠦᠰᠦ ᠰᠢ᠍ᠷᠤᠢ ᠶᠢᠨ ᠪᠤᠬᠢᠷᠳ᠋ᠤᠯ ᠢ ᠰᠡᠷᠭᠡᠢ᠌ᠯᠡᠨ ᠵᠠᠰᠠᠬᠤ ᠬᠠᠦᠯᠢ》ᠵᠢ ᠲᠤᠭᠤᠰᠢ᠍ᠯᠠᠭᠤᠯᠵᠤ ᠨᠠᠢ᠌ᠳ᠋ᠠᠪᠤᠷᠢ᠍ᠵᠢ᠍ᠭᠤᠯᠤᠭᠰᠠᠨ ᠪᠠᠢ᠌ᠳ᠋ᠠᠯ ᠳᠤ ᠬᠠᠦᠯᠢ ᠬᠡᠷᠡᠭ᠍ᠵᠢ᠍ᠭᠦᠯᠦᠯᠳ᠋ᠡ ᠶᠢᠨ ᠪᠠᠢ᠌ᠴᠠᠭᠠᠯᠳ᠋ᠠ ᠬᠢᠪᠡ
5 ᠰᠠᠷ᠎ᠠ ᠶᠢᠨ 11 ᠊ᠤ ᠡᠳ᠋ᠦᠷ᠂ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢ᠍ᠶ᠎ᠠ《ᠪᠦᠭᠦᠳ᠋ᠡ ᠨᠠᠢ᠌ᠷᠠᠮᠳ᠋ᠠᠬᠤ ᠲᠤᠮᠳ᠋ᠠᠳ᠋ᠤ ᠠᠷᠠᠳ ᠤᠯᠤᠰ ᠤᠨ ᠬᠦᠷᠦᠰᠦ ᠰᠢ᠍ᠷᠤᠢ ᠶᠢᠨ ᠪᠤᠬᠢᠷᠳ᠋ᠤᠯ ᠢ ᠰᠡᠷᠭᠡᠢ᠌ᠯᠡᠨ ᠵᠠᠰᠠᠬᠤ ᠬᠠᠦᠯᠢ》ᠵᠢ ᠲᠤᠭᠤᠰᠢ᠍ᠯᠠᠭᠤᠯᠵᠤ ᠨᠠᠢ᠌ᠳ᠋ᠠᠪᠤᠷᠢ᠍ᠵᠢ᠍ᠭᠤᠯᠤᠭᠰᠠᠨ ᠪᠠᠢ᠌ᠳ᠋ᠠᠯ ᠳᠤ ᠬᠠᠦᠯᠢ ᠬᠡᠷᠡᠭ᠍ᠵᠢ᠍ᠭᠦᠯᠦᠯᠳ᠋ᠡ ᠶᠢᠨ ᠪᠠᠢ᠌ᠴᠠᠭᠠᠯᠳ᠋ᠠ ᠬᠢᠵᠦ᠂ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠲᠡᠳ᠋ ᠡᠷᠬᠢᠯᠡᠭ᠍ᠴᠢ ᠦᠷᠡᠪᠠᠳ᠋ᠦ ᠵᠢᠴᠢ ᠬᠠᠮᠢ᠍ᠶ᠎ᠠ ᠪᠦᠬᠦᠢ ᠬᠠᠷᠢ᠍ᠭᠤᠴᠠᠯᠭᠠᠳ᠋ᠠᠨ ᠤᠷᠤᠯᠴᠠᠪᠠ᠃

ᠬᠠᠦᠯᠢ ᠬᠡᠷᠡᠭ᠍ᠵᠢ᠍ᠭᠦᠯᠦᠯᠳ᠋ᠡ ᠶᠢᠨ ᠪᠠᠢ᠌ᠴᠠᠭᠠᠬᠤ ᠲᠤᠭᠤᠢ᠌ᠯᠠᠩ ᠤᠨ ᠬᠢᠨ᠂ ᠤᠷᠢ᠍ᠳ ᠬᠤᠵᠢ᠍ᠳ ᠲᠦ᠋ᠩᠯᠢ᠍ᠶᠤᠤ ᠶᠢᠨ ᠮᠸᠩ ᠳ᠋ᠦ᠋ᠩ ᠬᠠᠳ᠋ᠠᠭᠤ ᠪᠡᠶᠡᠳ᠋ᠦ ᠬᠠᠶᠠᠭᠳ᠋ᠠᠮᠠᠯ ᠪᠤᠳ᠋ᠠᠰ ᠢ ᠰᠢ᠌ᠳᠪᠦᠷᠢ᠍ᠯᠡᠬᠦ ᠬᠢᠵᠠᠭᠠᠷᠳ᠋ᠤ ᠺᠤᠮᠫᠠᠨᠢ ᠪᠠ ᠪᠠᠢ ᠱᠦ᠋ᠨ ᠲᠡᠵᠢ᠍ᠭᠡᠪᠦᠷᠢ ᠶᠢᠨ ᠲᠤᠰᠬᠠᠢ ᠬᠤᠷᠰᠢ᠍ᠶᠠᠵᠢ᠍ᠯ ᠳᠤ ᠬᠦᠷᠴᠦ᠂ ᠲᠤᠬᠠᠢ ᠶᠢᠨ ᠲᠠᠯᠠᠪᠠᠢ ᠶᠢ ᠪᠠᠢ᠌ᠴᠠᠭᠠᠨ ᠦᠵᠡᠬᠦ ᠪᠠ ᠬᠠᠷᠢ᠍ᠭᠤ ᠮᠡᠳ᠋ᠡᠭᠦᠯᠦᠯᠳ᠋ᠡ ᠶᠢ ᠰᠤᠨᠤᠰᠬᠤ ᠵᠡᠷᠭᠡ ᠬᠡᠯᠪᠡᠷᠢ ᠪᠠᠷ ᠲᠠᠮᠵᠢ᠍ᠨ ᠬᠦᠷᠦᠰᠦ ᠰᠢ᠍ᠷᠤᠢ ᠶᠢᠨ ᠰᠠᠢ᠌ᠵᠢ᠍ᠷᠠᠭᠤᠯᠤᠯᠳ᠋ᠠ᠂ ᠬᠦᠷᠦᠰᠦ ᠰᠢ᠍ᠷᠤᠢ ᠶᠢᠨ ᠪᠤᠬᠢᠷᠳ᠋ᠦᠯ ᠤᠨ ᠲᠦ᠋ᠭ᠍ᠰᠢ᠍ᠭᠦᠷᠢ ᠶᠢ ᠰᠡᠷᠭᠡᠢ᠌ᠯᠡᠨ ᠡᠵᠡᠮᠳ᠋ᠡᠬᠦ᠂ ᠬᠦᠳ᠋ᠡᠭᠡ ᠲᠤᠰᠬᠤᠨ ᠤ ᠤᠷᠴᠢ᠍ᠨ ᠲᠤᠭᠤᠷᠢ᠍ᠨ ᠵᠢᠴᠢ ᠠᠶᠤᠯᠳ᠋ᠠᠢ ᠬᠠᠶᠠᠭᠳ᠋ᠠᠮᠠᠯ ᠪᠤᠳ᠋ᠠᠰ ᠢ ᠰᠢ᠌ᠳᠪᠤᠷᠢ᠍ᠯᠡᠬᠦ ᠵᠡᠷᠭᠡ ᠪᠠᠢ᠌ᠳ᠋ᠠᠯ ᠢ ᠨᠠᠷᠢ᠍ᠨ ᠤᠢ᠌ᠯᠠᠭᠠᠪᠠ᠃

ᠬᠠᠦᠯᠢ ᠬᠡᠷᠡᠭ᠍ᠵᠢ᠍ᠭᠦᠯᠦᠯᠳ᠋ᠡ ᠶᠢᠨ ᠪᠠᠢ᠌ᠴᠠᠭᠠᠬᠤ ᠲᠤᠭᠤᠢ᠌ᠯᠠᠩ ᠤᠨ ᠬᠢᠨ ᠡᠴᠡ᠂《ᠪᠦᠭᠦᠳ᠋ᠡ ᠨᠠᠢ᠌ᠷᠠᠮᠳ᠋ᠠᠬᠤ ᠲᠤᠮᠳ᠋ᠠᠳ᠋ᠤ ᠠᠷᠠᠳ ᠤᠯᠤᠰ ᠤᠨ ᠬᠦᠷᠦᠰᠦ ᠰᠢ᠍ᠷᠤᠢ ᠶᠢ ᠰᠡᠷᠭᠡᠢ᠌ᠯᠡᠨ ᠵᠠᠰᠠᠬᠤ ᠬᠠᠦᠯᠢ》ᠵᠢᠨ ᠰᠤᠷᠤᠯᠴᠠᠯᠭ᠎ᠠ ᠤᠬᠠᠭᠤᠯᠭ᠎ᠠ ᠪᠠ ᠲᠤᠭᠤᠰᠢ᠍ᠯᠠᠭᠤᠯᠤᠨ ᠨᠠᠢ᠌ᠳ᠋ᠠᠪᠤᠷᠢ᠍ᠵᠢ᠍ᠭᠤᠯᠬᠤ ᠡᠷᠴᠢ᠍ᠮ ᠢ ᠤᠯᠠᠮ ᠨᠢ᠍ᠭᠡ ᠠᠯᠬᠤᠮ ᠴᠢ᠍ᠩᠭ᠋ᠠᠷᠠᠭᠤᠯᠤᠨ᠂ ᠬᠦᠷᠦᠰᠦ ᠰᠢ᠍ᠷᠤᠢ ᠶᠢ ᠰᠡᠷᠭᠡᠢ᠌ᠯᠡᠨ ᠵᠠᠰᠠᠬᠤ ᠬᠠᠦᠯᠢ ᠶᠢᠨ ᠴᠢ᠍ᠬᠤᠯᠠ ᠠᠴᠢ ᠬᠤᠯᠪᠤᠭᠳ᠋ᠠᠯ ᠢ ᠭᠦᠢ᠍ᠴᠡᠳ ᠲᠠᠨᠢᠵᠦ᠂ ᠬᠦᠷᠦᠰᠦ ᠰᠢ᠍ᠷᠤᠢ ᠶᠢᠨ ᠪᠤᠬᠢᠷᠳ᠋ᠤᠯ ᠲᠠᠷᠢ᠍ᠶᠠᠯᠠᠩ ᠤᠨ ᠪᠦᠳ᠋ᠦᠭᠡᠭ᠍ᠳ᠋ᠡᠭᠦᠨ ᠤ ᠠᠮᠤᠷ ᠲᠦ᠋ᠪᠰᠢ᠍ᠨ ᠢ ᠬᠤᠬᠢᠷᠠᠭᠤᠯᠬᠤ ᠪᠠ ᠬᠦᠮᠦᠨ ᠤᠷᠤᠨ ᠰᠠᠭᠤᠴᠠ ᠶᠢᠨ ᠤᠷᠴᠢ᠍ᠨ ᠲᠤᠭᠤᠷᠢ᠍ᠨ ᠤ ᠠᠷᠢ᠍ᠭᠤᠨ ᠴᠡᠪᠡᠷ ᠪᠠᠢ᠌ᠬᠤ ᠬᠤᠶᠠᠷ ᠶᠡᠬᠡ ᠲᠤᠪᠤᠢ᠌ᠮ᠎ᠠ ᠠᠰᠠᠭᠤᠳ᠋ᠠᠯ ᠢ ᠬᠦᠴᠦᠯᠡᠨ ᠰᠢ᠌ᠳᠪᠤᠷᠢ᠍ᠯᠡᠵᠦ᠂ ᠬᠦᠷᠦᠰᠦ ᠰᠢ᠍ᠷᠤᠢ ᠶᠢᠨ ᠪᠤᠬᠢᠷᠳ᠋ᠤᠯ ᠢ ᠰᠢ᠍ᠰᠲ᠋ᠸᠮ ᠲᠡᠶ ᠵᠠᠰᠠᠬᠤ ᠲᠡᠭᠡᠷ᠎ᠠ ᠬᠦᠴᠦ ᠵᠠᠷᠤᠴᠠᠭᠤᠯᠵᠤ᠂ ᠤᠰᠤ᠂ ᠠᠭᠤᠷ ᠠᠮᠢ᠍ᠰᠬᠤᠯ᠂ ᠬᠠᠳ᠋ᠠᠭᠤ ᠪᠡᠶᠡᠳ᠋ᠦ᠂ ᠬᠦᠷᠦᠰᠦ ᠰᠢ᠍ᠷᠤᠢ ᠶᠢᠨ ᠪᠤᠬᠢᠷᠳ᠋ᠤᠯ ᠢ ᠶᠡᠷᠦᠩᠬᠡᠢ᠌ᠯᠡᠨ ᠵᠠᠰᠠᠬᠤ ᠲᠦ᠋ᠷᠦ ᠶᠢᠨ ᠪᠤᠳ᠋ᠤᠯᠭ᠎ᠠ ᠶᠢ ᠬᠡᠷᠡᠭ᠍ᠵᠢ᠍ᠭᠦᠯᠬᠦ᠂ ᠬᠠᠮᠵᠢ᠍ᠯᠴᠡᠨ ᠰᠡᠷᠭᠡᠢ᠌ᠯᠡᠨ ᠵᠠᠰᠠᠬᠤ ᠶᠢ ᠴᠢ᠍ᠩᠭ᠋ᠠᠳᠬᠠᠵᠤ᠂ ᠬᠠᠦᠯᠢ ᠶᠢᠨ ᠲᠦ᠋ᠭᠡᠮᠡᠯᠵᠢᠭᠦᠯᠦᠯᠳᠡ ᠵᠢ ᠤᠯᠠᠮ ᠨᠢ᠍ᠭᠡ ᠠᠯᠬᠤᠮ ᠴᠢ᠍ᠩᠭ᠋ᠠᠳᠬᠠᠨ᠂ ᠤᠬᠠᠭᠤᠯᠭ᠎ᠠ ᠶᠢᠨ ᠰᠤᠷᠤᠯᠴᠠᠯᠭ᠎ᠠ ᠶᠢᠨ ᠪᠦᠷᠬᠦᠯᠳ᠋ᠡ ᠶᠢᠨ ᠬᠡᠪᠴᠢ᠍ᠶᠠ ᠶᠢ ᠲᠠᠰᠤᠷᠠᠯᠳ᠋ᠠ ᠦᠭᠡᠶ ᠦᠷᠭᠡᠳᠭᠡᠨ᠂ ᠬᠠᠦᠯᠢ ᠴᠠᠭᠠᠵᠠ ᠬᠠᠦᠯᠢ ᠲᠤᠭᠳ᠋ᠠᠭᠠᠯ ᠤᠨ ᠮᠡᠳ᠋ᠡᠯᠭᠡ ᠶᠢᠨ ᠬᠡᠪᠴᠢ᠍ᠶᠠ ᠶᠢ ᠲᠡᠭᠡᠭ᠍ᠰᠢ᠍ᠯᠡᠭᠦᠯᠵᠦ᠂ ᠪᠦᠬᠦ ᠨᠡᠢ᠌ᠭᠡᠮ ᠳᠤ ᠬᠦᠷᠦᠰᠦ ᠰᠢ᠍ᠷᠤᠢ ᠶᠢᠨ ᠤᠷᠴᠢ᠍ᠨ ᠲᠤᠭᠤᠷᠢ᠍ᠨ ᠢ ᠬᠠᠮᠠᠭᠠᠯᠠᠬᠤ ᠠᠭᠤᠷ ᠠᠮᠢ᠍ᠰᠬᠤᠯ ᠢ ᠪᠤᠢ ᠪᠤᠯᠭᠠᠵᠤ᠂ ᠬᠠᠦᠯᠢ ᠬᠡᠷᠡᠭ᠍ᠵᠢ᠍ᠭᠦᠯᠦᠯᠳ᠋ᠡ ᠶᠢᠨ ᠬᠠᠦᠯᠢ ᠶᠢᠨ ᠡᠷᠴᠢ᠍ᠮ ᠢ ᠴᠢ᠍ᠩᠭ᠋ᠠᠷᠠᠭᠤᠯᠤᠨ᠂ ᠠᠵᠤ ᠠᠬᠤᠢ᠌ᠯᠠᠯ ᠤᠨ ᠨᠤᠭᠤᠭᠠᠷᠠᠭᠤᠯᠤᠯᠳ᠋ᠠ ᠶᠢᠨ ᠭᠦᠭ᠍ᠵᠢ᠍ᠯᠳ᠋ᠡ ᠶᠢᠨ ᠤᠢ᠌ᠯᠠᠭᠠᠭᠳ᠋ᠠᠬᠤᠨ ᠢ ᠪᠤᠢ ᠪᠤᠯᠭᠠᠬᠤ ᠶᠢ ᠬᠢᠨᠠᠨ ᠠᠬᠢᠭᠤᠯᠵᠤ᠂ ᠠᠮᠤᠷ ᠲᠦ᠋ᠪᠰᠢ᠍ᠨ᠂ ᠤᠷᠴᠢ᠍ᠨ ᠲᠤᠭᠤᠷᠢ᠍ᠨ ᠢ ᠬᠠᠮᠠᠭᠠᠯᠠᠬᠤ᠂ ᠦᠷ᠎ᠠ ᠠᠰᠢ᠍ᠭ ᠤᠨ ᠬᠤᠭᠤᠷᠤᠨᠳ᠋ᠤᠬᠢ ᠬᠠᠷᠢ᠍ᠴᠠᠭ᠎ᠠ ᠶᠢ ᠰᠠᠢ᠌ᠳ᠋ᠤᠷ ᠰᠢ᠌ᠳᠪᠦᠷᠢ᠍ᠯᠡᠨ᠂ ᠬᠦᠷᠦᠰᠦ ᠰᠢ᠍ᠷᠤᠢ ᠶᠢᠨ ᠪᠤᠬᠢᠷᠳ᠋ᠤᠯ ᠢ ᠰᠡᠷᠭᠡᠢ᠌ᠯᠡᠨ ᠵᠠᠰᠠᠬᠤ ᠬᠠᠷᠢ᠍ᠭᠤᠴᠠᠯᠭ᠎ᠠ ᠪᠠᠨ ᠬᠠᠦᠯᠢ ᠶᠤᠰᠤᠭᠠᠷ ᠭᠦᠢ᠍ᠴᠡᠳᠭᠡᠵᠦ᠂ ᠬᠦᠷᠦᠰᠦ ᠰᠢ᠍ᠷᠤᠢ ᠶᠢᠨ ᠪᠤᠬᠢᠷᠳ᠋ᠤᠯ ᠢ ᠰᠡᠷᠭᠡᠢ᠌ᠯᠡᠨ ᠵᠠᠰᠠᠬᠤ ᠠᠵᠢ᠍ᠯ ᠢ ᠬᠦᠴᠦᠨ ᠶᠢᠡᠨ ᠨᠢ᠍ᠭᠳ᠋ᠠᠷᠠᠭᠤᠯᠤᠨ ᠵᠤᠬᠢᠴᠠᠭᠤᠯᠤᠨ ᠠᠬᠢᠭᠤᠯᠵᠤ᠂ ᠪᠦᠬᠦ ᠬᠤᠰᠢ᠍ᠭᠤᠨ ᠤ ᠠᠵᠤ ᠠᠬᠤᠢ ᠨᠡᠢ᠌ᠭᠡᠮ ᠤᠨ ᠦᠨᠳ᠋ᠦᠷ ᠴᠢ᠍ᠨᠰᠠᠭᠠᠳ᠋ᠤ ᠬᠦᠭ᠍ᠵᠢ᠍ᠯᠳ᠋ᠡ ᠶᠢ ᠲᠦᠯᠬᠢᠨ ᠠᠬᠢᠭᠤᠯᠬᠤ ᠬᠡᠷᠡᠭ᠍ᠳ᠋ᠠᠢ ᠭᠡᠵᠦ ᠴᠢ᠍ᠩᠭ᠋ᠠᠳᠬᠠᠵᠠᠢ᠃(ᠯᠸᠢ ᠫᠠᠩ)