ᠤᠳᠤ ᠶᠢᠨ ᠪᠠᠢ᠌ᠷᠢ᠄ ᠴᠢᠬᠤᠯᠠ ᠮᠡᠳᠡᠭᠡ → ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ᠁
ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ《ᠪᠦᠭᠦᠳ᠋ᠡ ᠨᠠᠢ᠌ᠷᠠᠮᠳ᠋ᠠᠬᠤ ᠲᠤᠮᠳ᠋ᠠᠳ᠋ᠤ ᠠᠷᠠᠳ ᠤᠯᠤᠰ ᠤᠨ ᠦᠷ᠎ᠠ ᠶᠢᠨ ᠬᠠᠦᠯᠢ》ᠵᠢ ᠲᠤᠭᠤᠰᠢᠯᠠᠭᠤᠯᠵᠤ ᠨᠠᠢ᠌ᠳ᠋ᠠᠪᠤᠷᠢᠵᠢᠭᠤᠯᠤᠭᠰᠠᠨ ᠪᠠᠢ᠌ᠳ᠋ᠠᠯ ᠳᠤ ᠬᠠᠦᠯᠢ ᠬᠡᠷᠡᠭ᠍ᠵᠢᠭᠦᠯᠦᠯᠳ᠋ᠡ ᠶᠢᠨ ᠪᠠᠢ᠌ᠴᠠᠭᠠᠯᠳ᠋ᠠ ᠬᠢᠪᠡ


       

        5 ᠰᠠᠷ᠎ᠠ ᠶᠢᠨ 12᠊ᠦ ᠡᠳ᠋ᠦᠷ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ《ᠪᠦᠭᠦᠳ᠋ᠡ ᠨᠠᠢ᠌ᠷᠠᠮᠳ᠋ᠠᠬᠤ ᠲᠤᠮᠳ᠋ᠠᠳ᠋ᠤ ᠠᠷᠠᠳ ᠤᠯᠤᠰ ᠤᠨ ᠦᠷ᠎ᠠ ᠶᠢᠨ ᠬᠠᠦᠯᠢ》ᠵᠢ ᠲᠤᠭᠤᠰᠢᠯᠠᠭᠤᠯᠵᠤ ᠨᠠᠢ᠌ᠳ᠋ᠠᠪᠤᠷᠢᠵᠢᠭᠤᠯᠤᠭᠰᠠᠨ ᠪᠠᠢ᠌ᠳ᠋ᠠᠯ ᠳᠤ ᠬᠠᠦᠯᠢ ᠬᠡᠷᠡᠭ᠍ᠵᠢᠭᠦᠯᠦᠯᠳ᠋ᠡ ᠶᠢᠨ ᠪᠠᠢ᠌ᠴᠠᠭᠠᠯᠳ᠋ᠠ ᠬᠢᠵᠦ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠡᠳ᠋ ᠡᠷᠬᠢᠯᠡᠭ᠍ᠴᠢ ᠰᠦ᠋ᠩ ᠯᠢᠶᠠᠨ ᠡᠾᠦ᠋ᠢ ᠵᠢᠴᠢ ᠬᠤᠰᠢᠭᠤᠨ ᠱᠠᠳ᠋ᠤᠨ ᠤ ᠬᠡᠰᠡᠭ᠌ ᠠᠷᠠᠳ ᠤᠨ ᠲᠦ᠋ᠯᠦᠭᠡᠯᠡᠭ᠍ᠴᠢ᠂ ᠬᠤᠰᠢᠭᠤᠨ ᠤ ᠬᠠᠮᠢᠶ᠎ᠠ ᠪᠦᠬᠦᠢ ᠬᠠᠷᠢᠭᠤᠴᠠᠯᠭᠠᠳ᠋ᠠᠨ ᠤᠷᠤᠯᠴᠠᠪᠠ᠃

        

        ᠬᠠᠦᠯᠢ ᠬᠡᠷᠡᠭ᠍ᠵᠢᠭᠦᠯᠦᠯᠳ᠋ᠡ ᠶᠢᠨ ᠪᠠᠢ᠌ᠴᠠᠭᠠᠬᠤ ᠲᠤᠭᠤᠢ᠌ᠯᠠᠩ ᠤᠨ ᠬᠢᠨ᠂ ᠤᠷᠢᠳ ᠬᠤᠵᠢᠳ ᠪᠠ ᠺᠦᠢ ᠲᠠᠷᠢᠶᠠᠯᠠᠩ ᠦᠢᠯᠡᠳᠪᠦᠷᠢᠯᠡᠯ ᠤᠨ ᠬᠡᠷᠡᠭ᠍ᠰᠡᠯ ᠤᠨ ᠲᠡᠯᠭᠡᠭᠦᠷ᠂ ᠡᠾᠦ᠋ᠢ ᠹᠸᠩ ᠲᠠᠷᠢᠶᠠᠯᠠᠩ ᠦᠢᠯᠡᠳᠪᠦᠷᠢᠯᠡᠯ ᠤᠨ ᠬᠡᠷᠡᠭ᠍ᠰᠡᠯ ᠤᠨ ᠲᠡᠯᠭᠡᠭᠦᠷ ᠲᠤ ᠬᠦᠷᠴᠦ᠂ ᠲᠤᠬᠠᠢ ᠶᠢᠨ ᠭᠠᠵᠠᠷ ᠲᠤᠨᠢ ᠲᠠᠯᠠᠪᠠᠢ ᠶᠢ ᠪᠠᠢ᠌ᠴᠠᠭᠠᠨ ᠦᠵᠡᠬᠦ ᠪᠠ ᠬᠠᠷᠢᠭᠤ ᠮᠡᠳ᠋ᠡᠭᠦᠯᠦᠯᠳ᠋ᠡ ᠶᠢ ᠰᠤᠨᠤᠰᠬᠤ ᠵᠡᠷᠭᠡ ᠬᠡᠯᠪᠡᠷᠢ ᠪᠠᠷ ᠲᠠᠮᠵᠢᠨ ᠦᠷ᠎ᠠ  ᠬᠤᠳ᠋ᠠᠯᠳ᠋ᠤᠨ ᠠᠪᠬᠤ ᠪᠠ ᠪᠤᠷᠤᠯᠠᠭᠤᠯᠬᠤ ᠲᠠᠩᠰᠠ ᠶᠢᠨ ᠬᠠᠮᠢᠶᠠᠷᠤᠯᠳ᠋ᠠ ᠶᠢᠨ ᠪᠠᠢ᠌ᠳ᠋ᠠᠯ᠂ ᠦᠷ᠎ᠠ ᠶᠢᠨ ᠴᠢᠨᠠᠷ ᠢ ᠬᠢᠨᠠᠨ ᠬᠠᠮᠢᠶᠠᠷᠬᠤ ᠡᠩᠨᠡᠭᠡ ᠶᠢᠨ ᠪᠦᠳ᠋ᠦᠭᠡᠨ ᠪᠠᠢ᠌ᠭᠤᠯᠤᠯᠳ᠋ᠠ ᠪᠠ ᠲᠤᠰᠢᠶᠠᠯ ᠶᠢᠡᠨ ᠬᠦᠢᠴᠡᠳᠭᠡᠭ᠍ᠰᠡᠨ ᠪᠠᠢ᠌ᠳ᠋ᠠᠯ ᠢ ᠨᠠᠷᠢᠨ ᠤᠢ᠌ᠯᠠᠭᠠᠪᠠ᠃

       

        ᠬᠠᠦᠯᠢ ᠬᠡᠷᠡᠭ᠍ᠵᠢᠭᠦᠯᠦᠯᠳ᠋ᠡ ᠶᠢᠨ ᠪᠠᠢ᠌ᠴᠠᠭᠠᠬᠤ ᠲᠤᠭᠤᠢ᠌ᠯᠠᠩ ᠤᠨ ᠬᠢᠨ ᠡᠴᠡ᠂ ᠬᠦᠳ᠋ᠡᠭᠡ ᠲᠤᠰᠬᠤᠨ ᠤ ᠠᠵᠤ ᠠᠬᠤᠢ ᠶᠢᠨ ᠬᠦᠭ᠍ᠵᠢᠯᠳ᠋ᠡ ᠶᠢᠨ ᠲᠦ᠋ᠯᠦᠪᠵᠢᠭᠦᠯᠦᠯᠭᠡ ᠶᠢᠨ ᠱᠠᠭᠠᠷᠳ᠋ᠠᠯᠭ᠎ᠠ ᠪᠠᠷ᠂ ᠦᠷ᠎ᠠ ᠶᠢᠨ ᠡᠬᠢ ᠰᠤᠷᠪᠤᠯᠵᠢ ᠪᠠ ᠲᠦ᠋ᠷᠦᠯ ᠵᠦ᠋ᠢᠯ ᠢ ᠬᠠᠮᠠᠭᠠᠯᠠᠬᠤ ᠶᠢ ᠴᠢᠩᠭ᠋ᠠᠳᠬᠠᠨ᠂ ᠲᠠᠷᠢᠶᠠᠴᠢᠳ ᠤᠨ ᠰᠢᠯᠢᠳ᠋ᠡᠭ᠌ ᠦᠷ᠎ᠠ᠂ ᠲᠤᠰ ᠭᠠᠵᠠᠷ ᠤᠷᠤᠨ ᠳᠤ ᠪᠠᠨ ᠲᠤᠬᠢᠷᠠᠬᠤ ᠦᠷ᠎ᠠ  ᠮᠡᠷᠭᠡᠵᠢᠯ ᠤᠨ ᠵᠢᠯᠤᠭᠤᠳ᠋ᠤᠯᠭ᠎ᠠ ᠪᠠ ᠵᠢᠱᠢᠶ᠎ᠠ ᠦᠵᠡᠭᠦᠯᠵᠦ ᠲᠦ᠋ᠭᠡᠮᠡᠯᠵᠢᠭᠦᠯᠬᠦ ᠶᠢ ᠴᠢᠩᠭ᠋ᠠᠳᠬᠠᠵᠤ᠂ ᠮᠠᠨ ᠤ ᠬᠤᠰᠢᠭᠤᠨ ᠤ ᠵᠠᠬ᠎ᠠ ᠲᠡᠯᠭᠡᠭᠦᠷ ᠤᠨ ᠬᠡᠷᠡᠭ᠍ᠴᠡᠭᠡ ᠳᠤ ᠲᠤᠬᠢᠷᠠᠭᠰᠠᠨ ᠴᠢᠨᠠᠷ ᠰᠠᠢ᠌ᠨ᠂ ᠦᠨᠳ᠋ᠦᠷ ᠠᠰᠢᠭᠳ᠋ᠤ ᠦᠷ᠎ᠠ ᠶᠢ ᠰᠤᠩᠭ᠋ᠤᠵᠤ ᠬᠦᠮᠦᠵᠢᠭᠦᠯᠦᠨ᠂ ᠴᠠᠭ ᠲᠤᠬᠠᠢ ᠳ᠋ᠤᠨᠢ ᠨᠡᠢ᠌ᠭᠡᠮ ᠳᠤ ᠵᠠᠷᠯᠠᠵᠦ᠂ ᠲᠠᠷᠢᠶᠠᠴᠢᠳ ᠢ ᠵᠦ᠋ᠪ ᠤᠨᠤᠪᠴᠢᠳ᠋ᠠᠢ ᠪᠠᠷ ᠦᠷ᠎ᠠ ᠰᠤᠩᠭ᠋ᠤᠨ ᠲᠠᠷᠢᠬᠤ ᠶᠢ ᠬᠦᠳ᠋ᠦᠯᠦᠨ ᠲᠠᠭᠠᠭᠤᠯᠵᠤ᠂ ᠬᠢᠨᠠᠨ ᠬᠠᠮᠢᠶᠠᠷᠬᠤ ᠰᠢᠰᠲ᠋ᠸᠮ ᠪᠠ ᠬᠠᠦᠯᠢ ᠬᠡᠷᠡᠭ᠍ᠵᠢᠭᠦᠯᠦᠯᠳ᠋ᠡ ᠶᠢᠨ ᠡᠩᠨᠡᠭᠡ ᠶᠢᠨ ᠪᠠᠢ᠌ᠭᠤᠯᠤᠯᠳ᠋ᠠ ᠶᠢ ᠴᠢᠩᠭ᠋ᠠᠳᠭᠠᠨ᠂ ᠬᠢᠨᠠᠨ ᠬᠠᠮᠢᠶᠠᠷᠬᠤ ᠲᠦ᠋ᠪᠰᠢᠨ ᠶᠢᠡᠨ ᠲᠡᠭᠡᠭ᠍ᠰᠢᠯᠡᠭᠦᠯᠵᠦ᠂ ᠮᠠᠨ ᠤ ᠬᠤᠰᠢᠭᠤᠨ ᠤ ᠦᠷ᠎ᠠ ᠶᠢᠨ ᠠᠵᠤ ᠦᠢᠯᠡᠰ ᠤᠨ ᠰᠢᠨᠵᠢᠯᠡᠭᠡ ᠮᠡᠷᠭᠡᠵᠢᠯ ᠤᠨ ᠠᠭᠤᠯᠤᠭᠳ᠋ᠠᠴᠠ ᠪᠠ ᠵᠠᠬ᠎ᠠ ᠲᠡᠯᠭᠡᠭᠦᠷ ᠤᠨ ᠦᠷᠢᠰᠦᠯᠳ᠋ᠦᠬᠦ ᠬᠦᠴᠦᠨ ᠢ ᠲᠡᠭᠡᠭ᠍ᠰᠢᠯᠡᠭᠦᠯᠦᠨ᠂ ᠵᠠᠬ᠎ᠠ ᠲᠡᠯᠭᠡᠭᠦᠷ ᠶᠢᠡᠷ ᠤᠳ᠋ᠤᠷᠢᠳ᠋ᠤᠮᠵᠢ ᠪᠤᠯᠭᠠᠨ᠂ ᠲᠠᠷᠢᠶᠠᠴᠢᠳ ᠤᠨ ᠤᠷᠤᠯᠭ᠎ᠠ ᠶᠢ ᠦᠷᠭᠦᠯᠵᠢᠯᠡᠨ ᠨᠡᠮᠡᠭ᠍ᠳ᠋ᠡᠭᠦᠯᠵᠦ᠂ ᠬᠦᠳ᠋ᠡᠭᠡ ᠲᠤᠰᠬᠤᠨ ᠤ ᠠᠵᠤ ᠠᠬᠤᠢ ᠶᠢ ᠦᠷᠭᠡᠳᠭᠡᠨ᠂ ᠮᠠᠨ ᠤ ᠬᠤᠰᠢᠭᠤᠨ ᠤ ᠲᠠᠷᠢᠶᠠᠯᠠᠩ ᠠᠵᠤ ᠦᠢᠯᠡᠰ ᠤᠨ ᠤᠳ᠋ᠤᠬᠢᠴᠢᠯᠡᠯᠳ᠋ᠡ ᠶᠢᠨ ᠠᠯᠬᠤᠮ ᠢ ᠲᠦ᠋ᠷᠭᠡᠳᠭᠡᠬᠦ ᠬᠡᠷᠡᠭ᠍ᠳ᠋ᠠᠢ ᠭᠡᠵᠦ ᠱᠠᠭᠠᠷᠳ᠋ᠠᠵᠠᠢ᠃(ᠯᠸᠢ ᠫᠠᠩ)

ᠡᠮᠦᠨᠡᠬᠢ᠄ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢ᠍ᠶ᠎ᠠ《ᠪᠦᠭᠦᠳ᠋ᠡ ᠨᠠᠢ᠌ᠷᠠᠮᠳ᠋ᠠᠬᠤ ᠲᠤᠮᠳ᠋ᠠᠳ᠋ᠤ ᠠᠷᠠᠳ ᠤᠯᠤᠰ ᠤᠨ ᠬᠦᠷᠦᠰᠦ ᠰᠢ᠍ᠷᠤᠢ ᠶᠢᠨ ᠪᠤᠬᠢᠷᠳ᠋ᠤᠯ ᠢ ᠰᠡᠷᠭᠡᠢ᠌ᠯᠡᠨ ᠵᠠᠰᠠᠬᠤ ᠬᠠᠦᠯᠢ》ᠵᠢ ᠲᠤᠭᠤᠰᠢ᠍ᠯᠠᠭᠤᠯᠵᠤ ᠨᠠᠢ᠌ᠳ᠋ᠠᠪᠤᠷᠢ᠍ᠵᠢ᠍ᠭᠤᠯᠤᠭᠰᠠᠨ ᠪᠠᠢ᠌ᠳ᠋ᠠᠯ ᠳᠤ ᠬᠠᠦᠯᠢ ᠬᠡᠷᠡᠭ᠍ᠵᠢ᠍ᠭᠦᠯᠦᠯᠳ᠋ᠡ ᠶᠢᠨ ᠪᠠᠢ᠌ᠴᠠᠭᠠᠯᠳ᠋ᠠ ᠬᠢᠪᠡ
ᠳᠠᠷᠠᠭᠠᠬᠢ᠄ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ《ᠪᠦᠭᠦᠳ᠋ᠡ ᠨᠠᠢ᠌ᠷᠠᠮᠳ᠋ᠠᠬᠤ ᠲᠤᠮᠳ᠋ᠠᠳ᠋ᠤ ᠠᠷᠠᠳ ᠤᠯᠤᠰ ᠤᠨ ᠰᠤᠷᠭᠠᠨ ᠬᠦᠮᠦᠵᠢᠯ ᠤᠨ ᠬᠠᠦᠯᠢ》ᠲᠤᠭᠤᠰᠢᠯᠠᠭᠤᠯᠤᠨ ᠨᠠᠢ᠌ᠳ᠋ᠠᠪᠤᠷᠢᠵᠢᠭᠤᠯᠤᠭᠰᠠᠨ ᠪᠠᠢ᠌ᠳ᠋ᠠᠯ ᠤᠨ ᠲᠤᠬᠠᠢ ᠬᠠᠦᠯᠢ ᠬᠡᠷᠡᠭ᠍ᠵᠢᠭᠦᠯᠦᠯᠳ᠋ᠡ ᠶᠢᠨ ᠪᠠᠢ᠌ᠴᠠᠭᠠᠯᠳ᠋ᠠ ᠬᠢᠪᠡ