ᠤᠳᠤ ᠶᠢᠨ ᠪᠠᠢ᠌ᠷᠢ᠄ ᠴᠢᠬᠤᠯᠠ ᠮᠡᠳᠡᠭᠡ → ᠡᠦ ᠶᠦ᠋ᠨ ᠪᠦᠸᠸ ᠤᠳ᠋ᠤᠬᠢᠴᠢᠯᠠᠭᠰᠠᠨ ᠲᠡᠵᠢᠭᠡᠨ᠁
ᠡᠦ ᠶᠦ᠋ᠨ ᠪᠦᠸᠸ ᠤᠳ᠋ᠤᠬᠢᠴᠢᠯᠠᠭᠰᠠᠨ ᠲᠡᠵᠢᠭᠡᠨ ᠦᠷᠡᠵᠢᠭᠦᠯᠬᠦ ᠵᠠᠭᠪᠤᠷ ᠢ ᠢᠳ᠋ᠡᠪᠬᠢᠳ᠋ᠠᠢ ᠰᠦ᠋ᠪᠡᠭ᠍ᠴᠢᠯᠡᠵᠦ ᠬᠦᠳ᠋ᠡᠭᠡ ᠲᠤᠰᠬᠤᠨ ᠢ ᠬᠦᠭ᠍ᠵᠢᠭᠦᠯᠦᠨ ᠮᠠᠨᠳ᠋ᠤᠭᠤᠯᠬᠤ ᠶᠢ ᠠᠬᠢᠭᠤᠯᠵᠤ ᠪᠤᠢ


       
              5 ᠰᠠᠷ᠎ᠠ ᠶᠢᠨ 14 ᠊ᠦ ᠡᠳ᠋ᠦᠷ ᠤᠨ ᠦᠳ᠋ᠡ ᠶᠢᠨ ᠡᠮᠦᠨ᠎ᠠ᠂ ᠵᠠᠷᠤᠳ ᠬᠤᠰᠢᠭᠤᠨ ᠤ ᠪᠠᠶᠠᠨᠳ᠋ᠠᠯ᠎ᠠ ᠰᠤᠮᠤ ᠶᠢᠨ ᠵᠡᠭᠦᠨ ᠰᠠᠯᠠᠭ᠎ᠠ ᠭᠠᠴᠠᠭ᠎ᠠ ᠬᠦᠳ᠋ᠡᠭᠡ ᠲᠤᠰᠬᠤᠨ ᠢ ᠬᠦᠭ᠍ᠵᠢᠭᠦᠯᠦᠨ ᠮᠠᠨᠳ᠋ᠤᠭᠤᠯᠬᠤ ᠵᠢᠴᠢ ᠮᠠᠯᠴᠢᠨ ᠠᠢ᠌ᠯ ᠠᠵᠤ ᠦᠢᠯᠡᠰ ᠤᠨ ᠲᠦ᠋ᠯᠦᠪᠵᠢᠭᠦᠯᠭᠡ ᠪᠠ ᠬᠤᠳ᠋ᠠᠯᠳ᠋ᠤᠭᠠᠨ ᠤ ᠲᠦ᠋ᠯᠦᠪᠯᠡᠭᠡ ᠶᠢᠨ ᠰᠤᠳ᠋ᠤᠯᠤᠨ ᠶᠠᠷᠢᠯᠴᠡᠬᠤ ᠬᠤᠷᠠᠯ ᠬᠢᠪᠡ᠃ ᠤᠤᠯ ᠤᠨ ᠰᠢᠦᠳ᠋ᠠᠨ ᠤ ᠲᠤᠪᠴᠢᠶ᠎ᠠ ᠶᠢᠨ ᠲᠦ᠋ᠷᠦ ᠶᠢᠨ ᠪᠤᠳ᠋ᠤᠯᠭ᠎ᠠ ᠬᠠᠦᠯᠢ ᠲᠤᠭᠳ᠋ᠠᠭᠠᠯ ᠤᠨ ᠵᠤᠷᠭᠠᠨ ᠤ ᠲᠠᠷᠤᠭ᠎ᠠ ᠳ᠋ᠠᠸᠨ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠦ ᠴᠢᠩ ᠬᠠᠢ ᠵᠢᠴᠢ ᠬᠤᠳ᠋ᠠ᠂ ᠬᠤᠰᠢᠭᠤ ᠬᠤᠶᠠᠷ ᠱᠠᠳ᠋ᠤᠨ ᠤ ᠬᠠᠮᠢᠶ᠎ᠠ ᠪᠦᠬᠦᠢ ᠰᠠᠯᠠᠭ᠎ᠠ ᠮᠦ᠋ᠴᠢᠷ ᠤᠨ ᠬᠠᠷᠢᠭᠤᠴᠠᠯᠭᠠᠳ᠋ᠠᠨ᠂ ᠠᠵᠤ ᠠᠬᠤᠢ᠌ᠯᠠᠯᠳ᠋ᠠᠨ ᠪᠠ ᠮᠠᠯ ᠠᠵᠤ ᠠᠬᠤᠢ ᠶᠢᠨ ᠲᠤᠰᠬᠠᠢ ᠮᠡᠷᠭᠡᠵᠢᠯᠳ᠋ᠡᠨ ᠡᠷᠳ᠋ᠡᠮᠳ᠋ᠡᠨ ᠵᠢᠴᠢ ᠬᠡᠰᠡᠭ᠌ ᠭᠠᠴᠠᠭᠠᠨ ᠤ ᠮᠠᠯᠴᠢᠳ ᠤᠷᠢᠯᠭ᠎ᠠ ᠪᠠᠷ ᠬᠤᠷᠠᠯ ᠳᠤ ᠤᠷᠤᠯᠴᠠᠪᠠ᠃

       


       
              ᠬᠤᠷᠠᠯ ᠲᠡᠭᠡᠷ᠎ᠠ᠂ ᠬᠤᠷᠠᠯ ᠳᠤ ᠤᠷᠤᠯᠴᠠᠭᠰᠠᠳ᠂ ᠵᠡᠭᠦᠨ ᠰᠠᠯᠠᠭ᠎ᠠ ᠭᠠᠴᠠᠭᠠᠨ ᠤ ᠬᠦᠳ᠋ᠡᠭᠡ ᠲᠤᠰᠬᠤᠨ ᠢ ᠬᠦᠭ᠍ᠵᠢᠭᠦᠯᠦᠨ ᠮᠠᠨᠳ᠋ᠤᠭᠤᠯᠬᠤ ᠪᠠ ᠮᠠᠯᠴᠢᠨ ᠠᠢ᠌ᠯ ᠦᠬᠡᠷ ᠲᠡᠵᠢᠭᠡᠬᠦ ᠲᠤᠰᠬᠠᠢ ᠬᠤᠰᠢᠶᠠᠵᠢᠯ ᠤᠨ ᠭᠤᠷᠪᠠᠨ ᠵᠢᠯ ᠤᠨ ᠬᠦᠭ᠍ᠵᠢᠯᠳ᠋ᠡ ᠶᠢᠨ ᠲᠦ᠋ᠯᠦᠪᠵᠢᠭᠦᠯᠭᠡ᠂ ᠬᠤᠳ᠋ᠠᠯᠳ᠋ᠤᠭᠠᠨ ᠤ ᠲᠦ᠋ᠯᠦᠪᠯᠡᠭᠡ ᠵᠢᠴᠢ ᠪᠤᠬᠢᠷᠳ᠋ᠤᠯ ᠦᠭᠡᠶ ᠬᠦᠭ᠍ᠵᠢᠯᠳ᠋ᠡ ᠵᠡᠷᠭᠡ ᠲᠠᠯ᠎ᠠ ᠶᠢᠨ ᠲᠤᠭᠤᠷᠢᠨ ᠳᠤ ᠰᠤᠳ᠋ᠤᠯᠤᠨ ᠶᠠᠷᠢᠯᠴᠡᠪᠠ᠃

       


       

        ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠦ ᠴᠢᠩ ᠬᠠᠢ ᠰᠤᠳ᠋ᠤᠯᠤᠨ ᠶᠠᠷᠢᠯᠴᠠᠬᠤ ᠬᠤᠷᠠᠯ ᠳᠤ ᠤᠷᠤᠯᠴᠠᠬᠤ ᠶᠢᠨ ᠬᠠᠮᠳ᠋ᠤ ᠴᠢᠩᠭ᠋ᠠᠳᠬᠠᠬᠰᠠᠨ ᠨᠢ᠂ ᠦᠬᠡᠷ ᠤᠨ ᠡᠭᠦᠯᠳ᠋ᠡᠷ ᠢ ᠰᠠᠢ᠌ᠵᠢᠷᠠᠭᠤᠯᠬᠤ ᠶᠢ ᠴᠢᠩᠭ᠋ᠠᠳᠬᠠᠨ᠂ ᠨᠠᠷᠢᠯᠢᠭ ᠠᠷᠠᠴᠢᠯᠡᠨ ᠲᠡᠵᠢᠭᠡᠬᠦ ᠬᠢᠷᠢ ᠲᠦ᠋ᠪᠰᠢᠨ ᠢ ᠲᠡᠭᠡᠭ᠍ᠰᠢᠯᠡᠭᠦᠯᠵᠦ᠂ ᠤᠯᠠᠨ ᠡᠰᠢᠵᠢᠭ᠍ᠰᠡᠨ ᠪᠦᠳ᠋ᠦᠭᠡᠭ᠍ᠳ᠋ᠡᠭᠦᠨ ᠢ ᠬᠦᠴᠦᠯᠡᠨ ᠬᠦᠭ᠍ᠵᠢᠭᠦᠯᠵᠦ᠂ ᠠᠮᠢ ᠠᠬᠤᠢ ᠶᠢ ᠤᠷᠢᠳ ᠶᠢᠡᠷ ᠪᠤᠳ᠋ᠤᠯᠬᠢᠯᠠᠵᠤ ᠪᠤᠬᠢᠷᠳ᠋ᠤᠯ ᠦᠭᠡᠶ ᠬᠦᠭ᠍ᠵᠢᠯᠳ᠋ᠡ ᠪᠠᠷ ᠤᠳ᠋ᠤᠷᠢᠳ᠋ᠤᠮᠵᠢ ᠪᠤᠯᠭᠠᠨ᠂ ᠨᠤᠳ᠋ᠤᠭ ᠪᠡᠯᠴᠢᠭᠡᠷ ᠢ ᠨᠤᠭᠤᠭᠠᠷᠠᠭᠤᠯᠬᠤ᠂ ᠮᠠᠯᠴᠢᠳ ᠤᠨ ᠤᠷᠤᠯᠭ᠎ᠠ ᠶᠢ ᠨᠡᠮᠡᠭ᠍ᠳ᠋ᠡᠭᠦᠯᠬᠦ ᠬᠠᠷᠠᠯᠳ᠋ᠠ ᠶᠢ ᠪᠡᠶᠡᠯᠡᠭᠦᠯᠬᠦ ᠶᠢ ᠦᠨᠡᠨ ᠬᠦ ᠪᠠᠳ᠋ᠤᠯᠠᠵᠤ᠂ ᠰᠤᠯᠢᠯᠴᠠᠭ᠎ᠠ ᠪᠠ ᠬᠠᠮᠳ᠋ᠤᠷᠠᠯᠴᠠᠭ᠎ᠠ ᠪᠠᠨ ᠴᠢᠩᠭ᠋ᠠᠳᠬᠠᠨ᠂ ᠤᠳ᠋ᠤᠬᠢᠴᠢᠯᠠᠭᠰᠠᠨ ᠲᠡᠵᠢᠭᠡᠨ ᠦᠷᠡᠵᠢᠭᠦᠯᠬᠦ ᠵᠠᠭᠪᠤᠷ ᠢ ᠢᠳ᠋ᠡᠪᠬᠢᠳ᠋ᠠᠢ ᠬᠠᠢ᠌ᠨ ᠰᠦ᠋ᠪᠡᠭ᠍ᠴᠢᠯᠡᠵᠦ᠂ ᠲᠤᠰ ᠪᠡᠶ᠎ᠠ ᠶᠢᠨ ᠴᠢᠳ᠋ᠠᠪᠤᠷᠢ ᠶᠢᠨ ᠪᠠᠢ᠌ᠭᠤᠯᠤᠯᠳ᠋ᠠ ᠪᠠᠨ ᠴᠢᠩᠭ᠋ᠠᠳᠬᠠᠨ᠂ ᠦᠬᠡᠷ ᠤᠨ ᠠᠵᠤ ᠦᠢᠯᠡᠰ ᠤᠨ ᠴᠢᠨᠠᠷ ᠰᠠᠢ᠌ᠳ᠋ᠠᠢ ᠬᠦᠭ᠍ᠵᠢᠯᠳ᠋ᠡ ᠶᠢ ᠠᠬᠢᠭᠤᠯᠵᠤ᠂ ᠡᠯᠪᠡᠭ᠌ ᠪᠠᠶᠠᠯᠢᠭ ᠵᠢᠭᠤᠯᠴᠢᠯᠠᠯ ᠤᠨ ᠡᠬᠢ ᠪᠠᠶᠠᠯᠢᠭ᠂ ᠦᠪᠡᠷᠮᠢᠴᠡ ᠠᠷᠠᠳ ᠤᠨ ᠵᠠᠩ ᠵᠠᠩᠰᠢᠯ ᠪᠠ ᠭᠦᠨ ᠵᠤᠵᠠᠭᠠᠨ ᠬᠦᠮᠦᠨ ᠨᠡᠢ᠌ᠭᠡᠮ ᠤᠨ ᠠᠭᠤᠯᠤᠭᠳ᠋ᠠᠬᠤᠨ ᠳᠤ ᠲᠦ᠋ᠰᠢᠭᠯᠡᠵᠦ᠂ ᠬᠦᠴᠦᠳ᠋ᠠᠢ ᠠᠷᠭ᠎ᠠ ᠬᠡᠮᠵᠢᠶ᠎ᠠ ᠠᠪᠴᠦ᠂ ᠮᠠᠯᠴᠢᠨ ᠠᠢ᠌ᠯ ᠤᠨ ᠪᠠᠶᠠᠰᠤᠯ᠂ ᠲᠠᠷᠢᠶᠠᠴᠢᠨ ᠠᠢ᠌ᠯ ᠤᠨ ᠪᠠᠶᠠᠰᠤᠯ ᠵᠡᠷᠭᠡ ᠭᠤᠷᠪᠠᠳ᠋ᠤᠭᠠᠷ ᠠᠵᠤ ᠦᠢᠯᠡᠰ ᠢ ᠶᠡᠬᠡᠪᠡᠷ ᠬᠦᠭ᠍ᠵᠢᠭᠦᠯᠦᠨ᠂ ᠮᠠᠯᠴᠢᠳ ᠶᠢᠡᠨ ᠲᠠᠭᠠᠭᠤᠯᠤᠨ ᠤᠷᠤᠯᠭ᠎ᠠ ᠶᠢ ᠨᠢ ᠨᠡᠮᠡᠭ᠍ᠳ᠋ᠡᠭᠦᠯᠦᠨ ᠪᠠᠶᠠᠵᠢᠭᠤᠯᠵᠤ᠂ ᠰᠠᠭᠤᠷᠢ ᠲᠦ᠋ᠬᠦᠭᠡᠷᠤᠮᠵᠢ ᠶᠢ ᠤᠯᠠᠮ ᠨᠢᠭᠡ ᠠᠯᠬᠤᠮ ᠲᠡᠭᠦᠯᠳ᠋ᠡᠷᠵᠢᠭᠦᠯᠦᠨ᠂ ᠮᠠᠯᠵᠢᠬᠤ ᠤᠷᠤᠨ ᠤ ᠤᠷᠤᠰᠢᠨ ᠰᠠᠭᠤᠷᠢᠰᠢᠬᠤ ᠤᠷᠴᠢᠨ ᠲᠤᠭᠤᠷᠢᠨ ᠢ ᠴᠡᠭ᠍ᠴᠡᠯᠡᠨ ᠵᠠᠰᠠᠬᠤ ᠡᠷᠴᠢᠮ ᠶᠢᠡᠨ ᠴᠢᠩᠭ᠋ᠠᠷᠠᠭᠤᠯᠵᠤ᠂ ᠠᠮᠢ ᠠᠬᠤᠢ ᠤᠷᠤᠰᠢᠨ ᠰᠠᠭᠤᠷᠢᠰᠢᠬᠤ ᠳᠤ ᠲᠤᠬᠢᠷᠠᠮᠵᠢᠳ᠋ᠠᠢ᠂ ᠠᠵᠤ ᠦᠢᠯᠡᠰ ᠬᠦᠭ᠍ᠵᠢᠭ᠍ᠰᠡᠨ᠂ ᠨᠤᠳ᠋ᠤᠭ ᠤᠨ ᠵᠠᠩᠰᠢᠯ ᠪᠤᠯᠪᠠᠰᠤᠨ᠂ ᠵᠠᠰᠠᠯᠳ᠋ᠡ ᠪᠦᠳ᠋ᠦᠮᠵᠢᠳ᠋ᠠᠢ᠂ ᠠᠮᠢᠳ᠋ᠤᠷᠠᠯ ᠴᠢᠨᠡᠭᠡᠯᠢᠭ᠍ᠵᠢᠭ᠍ᠰᠡᠨ ᠦᠵᠡᠰᠭᠦᠯᠡᠩᠳ᠋ᠦ ᠰᠠᠢ᠌ᠬᠠᠨ ᠰᠢᠨ᠎ᠠ ᠬᠦᠳ᠋ᠡᠭᠡ ᠲᠤᠰᠬᠤᠨ ᠢ ᠴᠤᠭᠴᠠᠯᠠᠬᠤ ᠬᠡᠷᠡᠭ᠍ᠳ᠋ᠠᠢ ᠭᠡᠵᠠᠢ᠃

       
              ᠤᠳ᠋ᠤᠬᠠᠨ ᠳᠤ᠂ ᠡᠦ ᠶᠦ᠋ᠨ ᠪᠦᠸᠸ ᠰᠢᠭ᠌ ᠮᠠᠨ ᠤ ᠬᠤᠰᠢᠭᠤᠨ ᠤ ᠡᠯ᠎ᠠ ᠱᠠᠳ᠋ᠤᠨ ᠤ ᠠᠷᠠᠳ ᠤᠨ ᠲᠦ᠋ᠯᠦᠭᠡᠯᠡᠭ᠍ᠴᠢ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠠᠷᠤᠮᠠᠯᠯᠠᠨ ᠲᠠᠷᠬᠠᠭᠠᠭᠰᠠᠨ《ᠪᠦᠬᠦ ᠬᠤᠰᠢᠭᠤᠨ ᠤ ᠡᠯ᠎ᠠ ᠱᠠᠳ᠋ᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠲᠦ᠋ᠯᠦᠭᠡᠯᠡᠭ᠍ᠴᠢ〈ᠬᠦᠳ᠋ᠡᠭᠡ ᠲᠤᠰᠬᠤᠨ ᠢ ᠬᠦᠭ᠍ᠵᠢᠭᠦᠯᠦᠨ ᠮᠠᠨᠳ᠋ᠤᠭᠤᠯᠬᠤ ᠶᠢ ᠬᠦᠴᠦᠨ ᠨᠡᠮᠡᠷᠢᠯᠡᠬᠦ〉ᠠᠵᠢᠯᠯᠠᠭ᠎ᠠ ᠶᠢ ᠵᠤᠬᠢᠶᠠᠨ ᠪᠠᠢ᠌ᠭᠤᠯᠵᠤ ᠦᠷᠨᠢᠭᠦᠯᠬᠦ ᠲᠤᠬᠠᠢ ᠬᠡᠷᠡᠭ᠍ᠵᠢᠭᠦᠯᠬᠦ ᠲᠦ᠋ᠰᠦᠯ》᠊ᠦᠨ ᠱᠠᠭᠠᠷᠳ᠋ᠠᠯᠭ᠎ᠠ ᠶᠤᠰᠤᠭᠠᠷ᠂ ᠠᠷᠠᠳ ᠤᠨ ᠲᠦ᠋ᠯᠦᠭᠡᠯᠡᠭ᠍ᠴᠢ ᠶᠢᠨ ᠵᠢᠱᠢᠶ᠎ᠠ ᠦᠵᠡᠭᠦᠯᠵᠦ ᠬᠦᠳ᠋ᠦᠯᠦᠨ ᠲᠠᠭᠠᠭᠤᠯᠬᠤ ᠪᠠ ᠬᠢᠨᠠᠯᠳ᠋ᠠ ᠲᠠᠯᠪᠢᠵᠤ ᠠᠬᠢᠭᠤᠯᠬᠤ ᠦᠢᠯᠡᠳ᠋ᠦᠯ ᠢ ᠢᠳ᠋ᠡᠪᠬᠢᠳ᠋ᠠᠢ ᠪᠠᠳ᠋ᠠᠷᠠᠭᠤᠯᠤᠨ᠂ ᠪᠡᠶ᠎ᠠ ᠪᠠᠷ ᠶᠢᠡᠨ ᠦᠯᠢᠭᠡᠷ ᠲᠠᠭᠤᠷᠢᠶᠠᠯ ᠪᠤᠯᠵᠤ᠂ ᠠᠵᠤ ᠦᠢᠯᠡᠰ ᠤᠨ ᠬᠦᠭ᠍ᠵᠢᠯ ᠮᠠᠨᠳ᠋ᠤᠯ ᠳᠤ ᠬᠦᠴᠦᠨ ᠨᠡᠮᠡᠷᠢᠯᠡᠨ᠂ ᠠᠮᠢ ᠠᠬᠤᠢ ᠶᠢ ᠬᠦᠭ᠍ᠵᠢᠭᠦᠯᠦᠨ ᠮᠠᠨᠳ᠋ᠤᠭᠤᠯᠬᠤ᠂ ᠰᠤᠶᠤᠯ ᠢ ᠬᠦᠭ᠍ᠵᠢᠭᠦᠯᠦᠨ ᠮᠠᠨᠳ᠋ᠤᠭᠤᠯᠬᠤ᠂ ᠴᠢᠳ᠋ᠠᠪᠤᠷᠢᠳ᠋ᠠᠨ ᠢ ᠬᠦᠭ᠍ᠵᠢᠭᠦᠯᠦᠨ ᠮᠠᠨᠳ᠋ᠤᠭᠤᠯᠬᠤ᠂ ᠵᠤᠬᠢᠶᠠᠨ ᠪᠠᠢ᠌ᠭᠤᠯᠤᠯᠳ᠋ᠠ ᠶᠢ ᠬᠦᠭ᠍ᠵᠢᠭᠦᠯᠦᠨ ᠮᠠᠨᠳ᠋ᠤᠭᠤᠯᠵᠤ᠂ ᠠᠷᠠᠳ ᠤᠨ ᠲᠦ᠋ᠯᠦᠭᠡᠯᠡᠭ᠍ᠴᠢ ᠶᠢᠨ ᠠᠷᠠᠳ ᠤᠨ ᠲᠦ᠋ᠯᠦᠭᠡ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠶᠢ ᠭᠦᠢᠴᠡᠳ ᠢᠯᠡᠷᠡᠭᠦᠯᠦᠨ᠂ ᠬᠦᠳ᠋ᠡᠭᠡ ᠲᠤᠰᠬᠤᠨ ᠢ ᠬᠦᠭ᠍ᠵᠢᠭᠦᠯᠦᠨ ᠮᠠᠨᠳ᠋ᠤᠭᠤᠯᠬᠤ ᠪᠠᠢ᠌ᠯᠳ᠋ᠤᠬᠤ ᠪᠤᠳ᠋ᠤᠯᠭ᠎ᠠ ᠶᠢᠨ ᠬᠠᠷᠠᠯᠳ᠋ᠠ ᠡᠭᠦᠷᠭᠡ ᠶᠢ ᠪᠦᠬᠦ ᠲᠠᠯ᠎ᠠ ᠪᠠᠷ ᠨᠠᠢ᠌ᠳ᠋ᠠᠪᠤᠷᠢᠵᠢᠭᠤᠯᠬᠤ ᠶᠢ ᠠᠬᠢᠭᠤᠯᠵᠤ᠂ ᠪᠦᠬᠦ ᠬᠤᠰᠢᠭᠤᠨ ᠤ《ᠠᠷᠪᠠᠨ ᠲᠦ᠋ᠷᠪᠡᠳ᠋ᠦᠭᠡᠷ ᠲᠠᠪᠤᠨ ᠵᠢᠯ》᠊ᠢ ᠰᠠᠢ᠌ᠳ᠋ᠤᠷ ᠡᠬᠢᠯᠡᠭᠦᠯᠵᠦ ᠢᠳ᠋ᠡᠷᠭᠦᠨ ᠤᠷᠤᠭᠰᠢᠯᠠᠬᠤ ᠳᠤ᠂ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠤᠶᠤᠨ ᠤᠬᠠᠭᠠᠨ ᠪᠠ ᠬᠦᠴᠦᠨ ᠴᠢᠳ᠋ᠠᠯ ᠢ ᠨᠡᠮᠡᠷᠢᠯᠡᠨ᠂ ᠰᠢᠯᠢᠳ᠋ᠡᠭ᠌ ᠬᠢᠷᠢ ᠪᠦᠳ᠋ᠦᠮᠵᠢ ᠪᠠᠷ ᠨᠠᠮ ᠪᠠᠢ᠌ᠭᠤᠯᠤᠭᠳ᠋ᠠᠭᠰᠠᠨ 100 ᠵᠢᠯ ᠤᠨ ᠤᠢ ᠳᠤ ᠪᠡᠯᠡᠭ᠌ ᠬᠦᠷᠭᠡᠬᠦ ᠪᠠᠷ ᠬᠦᠴᠦᠯᠡᠨ ᠲᠡᠮᠡᠴᠡᠵᠦ ᠪᠠᠢ᠌ᠨ᠎ᠠ᠃

ᠡᠮᠦᠨᠡᠬᠢ᠄ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ《ᠪᠦᠭᠦᠳ᠋ᠡ ᠨᠠᠢ᠌ᠷᠠᠮᠳ᠋ᠠᠬᠤ ᠲᠤᠮᠳ᠋ᠠᠳ᠋ᠤ ᠠᠷᠠᠳ ᠤᠯᠤᠰ ᠤᠨ ᠰᠤᠷᠭᠠᠨ ᠬᠦᠮᠦᠵᠢᠯ ᠤᠨ ᠬᠠᠦᠯᠢ》ᠲᠤᠭᠤᠰᠢᠯᠠᠭᠤᠯᠤᠨ ᠨᠠᠢ᠌ᠳ᠋ᠠᠪᠤᠷᠢᠵᠢᠭᠤᠯᠤᠭᠰᠠᠨ ᠪᠠᠢ᠌ᠳ᠋ᠠᠯ ᠤᠨ ᠲᠤᠬᠠᠢ ᠬᠠᠦᠯᠢ ᠬᠡᠷᠡᠭ᠍ᠵᠢᠭᠦᠯᠦᠯᠳ᠋ᠡ ᠶᠢᠨ ᠪᠠᠢ᠌ᠴᠠᠭᠠᠯᠳ᠋ᠠ ᠬᠢᠪᠡ
ᠳᠠᠷᠠᠭᠠᠬᠢ᠄ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠯᠦ᠋ᠪᠸᠢ ᠭᠤᠤᠯ ᠬᠤᠳ᠋ᠠ ᠶᠢᠨ ᠲᠤᠭᠤᠷᠢᠭ ᠲᠤ ᠵᠡᠭᠡᠯᠢ ᠭᠤᠳ᠋ᠤᠮᠵᠢ ᠶᠢᠨ ᠬᠡᠷᠡᠭ᠌ ᠡᠷᠬᠢᠯᠡᠬᠦ ᠭᠠᠵᠠᠷ ᠪᠠᠢ᠌ᠭᠤᠯᠬᠤ ᠲᠤᠬᠠᠢ ᠠᠷᠠᠳ ᠤᠨ ᠲᠦ᠋ᠯᠦᠭᠡᠯᠡᠭ᠍ᠴᠢᠳ ᠤᠨ ᠰᠠᠨᠠᠯ ᠢ ᠬᠤᠷᠢᠶᠠᠬᠤ ᠰᠠᠭᠤᠳ᠋ᠠᠯ ᠤᠨ ᠬᠤᠷᠠᠯ ᠵᠤᠬᠢᠶᠠᠨ ᠪᠠᠢ᠌ᠭᠤᠯᠵᠤ ᠬᠤᠷᠠᠯᠳ᠋ᠤᠭᠤᠯᠪᠠ