ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠺᠠᠳ᠋ᠷ ᠠᠵᠢᠯᠳ᠋ᠡᠨ ᠢ ᠵᠤᠬᠢᠶᠠᠨ ᠪᠠᠢ᠌ᠭᠤᠯᠵᠤ 《ᠨᠠᠮ ᠪᠠᠢ᠌ᠭᠤᠯᠤᠭᠳ᠋ᠠᠭᠰᠠᠨ ᠠᠭᠤᠤ ᠦᠢᠯᠡᠰ》 ᠭᠡᠬᠦ ᠬᠤᠪᠢᠰᠬᠠᠯ ᠤᠨ ᠺᠢᠨᠤ᠋ ᠶᠢ ᠦᠵᠡᠵᠡᠭᠡᠪᠡ

ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢᠯ ᠢ ᠯᠠᠪᠳ᠋ᠠᠭᠤᠨ ᠪᠠᠳ᠋ᠤᠳ᠋ᠠᠢ ᠪᠦᠳ᠋ᠦᠮᠵᠢᠳ᠋ᠠᠢ ᠦᠷᠨᠢᠭᠦᠯᠬᠦ ᠶᠢᠨ ᠲᠦ᠋ᠯᠦᠭᠡ᠂ 5 ᠰᠠᠷ᠎ᠠ ᠶᠢᠨ 14 ᠊ᠦ ᠡᠳ᠋ᠦᠷ ᠤᠨ ᠦᠳ᠋ᠡ ᠶᠢᠨ ᠬᠤᠢ᠌ᠨ᠎ᠠ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠪᠦᠬᠦ ᠺᠠᠳ᠋ᠷ ᠠᠵᠢᠯᠳ᠋ᠡᠨ ᠢ ᠵᠤᠬᠢᠶᠠᠨ ᠪᠠᠢ᠌ᠭᠤᠯᠵᠤ 《ᠨᠠᠮ ᠪᠠᠢ᠌ᠭᠤᠯᠤᠭᠳ᠋ᠠᠭᠰᠠᠨ ᠠᠭᠤᠤ ᠦᠢᠯᠡᠰ》 ᠭᠡᠬᠦ ᠬᠤᠪᠢᠰᠬᠠᠯ ᠤᠨ ᠺᠢᠨᠤ᠋ ᠶᠢ ᠦᠵᠡᠵᠡᠭᠡᠪᠡ᠃


《ᠨᠠᠮ ᠪᠠᠢ᠌ᠭᠤᠯᠤᠭᠳ᠋ᠠᠭᠰᠠᠨ ᠠᠭᠤᠤ ᠦᠢᠯᠡᠰ》ᠪᠤᠯ ᠨᠠᠮ ᠪᠠᠢ᠌ᠭᠤᠯᠤᠭᠳ᠋ᠠᠭᠰᠠᠨ 90 ᠵᠢᠯ ᠤᠨ ᠤᠢ ᠶᠢ ᠪᠡᠯᠭᠡᠯᠡᠬᠦ ᠳᠤ ᠪᠡᠯᠡᠭ᠌ ᠪᠤᠯᠭᠠᠭᠰᠠᠨ ᠹᠢᠯᠢᠮ ᠮᠦ᠋ᠨ᠂ ᠺᠢᠨᠤ᠋ ᠨᠢ ᠴᠠᠭᠠᠭᠴᠢᠨ ᠭᠠᠬᠠᠢ ᠵᠢᠯ ᠤᠨ ᠬᠤᠪᠢᠰᠬᠠᠯ ᠡᠴᠡ ᠡᠬᠢᠯᠡᠭᠡᠳ ᠲᠤᠮᠳ᠋ᠠᠳ᠋ᠤ ᠤᠯᠤᠰ ᠤᠨ ᠡᠪ ᠬᠠᠮᠳ᠋ᠤ ᠨᠠᠮ ᠪᠠᠭᠤᠯᠤᠭᠳ᠋ᠠᠭᠰᠠᠨ ᠬᠦᠷᠳ᠋ᠡᠯᠡᠬᠢ ᠠᠷᠪᠠ ᠭᠠᠷᠤᠢ ᠵᠢᠯ ᠤᠨ ᠬᠤᠭᠤᠴᠠᠭᠠᠨ ᠳᠤ ᠲᠤᠮᠳ᠋ᠠᠳ᠋ᠤ ᠤᠯᠤᠰ ᠤᠨ ᠡᠬᠡ ᠭᠠᠵᠠᠷ ᠲᠡᠭᠡᠷ᠎ᠠ ᠡᠭᠦᠰᠦᠭ᠍ᠰᠡᠨ ᠴᠢᠬᠤᠯᠠ ᠶᠡᠬᠡ ᠲᠡᠦᠬᠡᠨ ᠬᠡᠷᠡᠭ᠌ ᠶᠠᠪᠤᠳ᠋ᠠᠯ ᠪᠠ ᠲᠡᠭᠦᠨ ᠤ ᠲᠤᠳ᠋ᠤᠷᠠᠬᠢ ᠨᠡᠷ᠎ᠠ ᠴᠤᠤᠳ᠋ᠠᠢ ᠬᠦᠮᠦᠰ ᠢ ᠦᠨᠡᠨ ᠪᠤᠳ᠋ᠠᠳ᠋ᠠᠢ ᠪᠠᠷ ᠲᠠᠬᠢᠨ ᠢᠯᠡᠷᠡᠭᠦᠯᠦᠨ᠂ ᠲᠤᠮᠳ᠋ᠠᠳ᠋ᠤ ᠤᠯᠤᠰ ᠤᠨ ᠡᠪ ᠬᠠᠮᠳ᠋ᠤ ᠨᠠᠮ ᠤᠨ ᠬᠤᠰᠢᠭᠤᠴᠢ ᠨᠡᠷ ᠤᠷᠢ ᠵᠠᠯᠠᠭᠤ ᠨᠠᠰᠤ᠂ ᠤᠷᠭᠢᠯᠤᠮ᠎ᠠ ᠬᠠᠯᠠᠭᠤᠨ ᠰᠡᠳᠭᠢᠯᠭᠡ ᠪᠠ ᠡᠷᠡᠰ ᠬᠠᠳ᠋ᠠᠨ ᠲᠡᠮᠡᠴᠡᠯ ᠶᠢᠡᠷ ᠶᠢᠡᠨ ᠤᠯᠤᠰ ᠤᠷᠤᠨ ᠶᠢᠡᠨ ᠮᠦ᠋ᠬᠦᠯ ᠡᠴᠡ ᠠᠪᠤᠷᠠᠵᠤ ᠤᠷᠤᠰᠢᠨ ᠲᠤᠭᠳ᠋ᠠᠨᠢᠭᠤᠯᠤᠨ᠂ ᠲᠡᠦᠬᠡ ᠶᠢ ᠦᠭᠡᠷᠡᠴᠢᠯᠡᠨ ᠪᠢᠴᠢᠬᠦ ᠪᠠᠷ ᠬᠦᠴᠦᠯᠡᠨ ᠴᠢᠷᠮᠠᠢ᠌ᠭᠰᠡᠨ ᠠᠭᠤᠤ ᠶᠡᠬᠡ ᠦᠢᠯᠡᠰ ᠢ ᠮᠠᠭᠳ᠋ᠠᠨ ᠰᠠᠢ᠌ᠰᠢᠶᠠᠵᠤ᠂ ᠨᠠᠮ ᠤᠨ ᠭᠡᠰᠢᠭᠦᠳ ᠡᠴᠡ᠂ ᠲᠤᠮᠳ᠋ᠠᠳ᠋ᠤ ᠤᠯᠤᠰ ᠤᠨ ᠡᠪ ᠬᠠᠮᠳ᠋ᠤ ᠨᠠᠮ ᠤᠨ ᠢᠷᠠᠭᠤ ᠠᠯᠳ᠋ᠠᠷᠳ᠋ᠤ ᠲᠡᠦᠬᠡ ᠶᠢ ᠲᠠᠬᠢᠨ ᠡᠷᠭᠢᠴᠡᠭᠦᠯᠦᠨ᠂ ᠨᠢᠭᠡ ᠤᠳ᠋ᠠᠭᠠᠨ ᠤ ᠬᠤᠪᠢᠰᠬᠠᠯᠳ᠋ᠤ ᠤᠯᠠᠮᠵᠢᠯᠠᠯ ᠤᠨ ᠬᠦᠮᠦᠵᠢᠯ ᠪᠠ ᠡᠬᠡ ᠤᠷᠤᠨᠴᠢ ᠦᠵᠡᠯ ᠤᠨ ᠬᠦᠮᠦᠵᠢᠯ ᠬᠦᠷᠳ᠋ᠡᠪᠡ᠃

ᠬᠤᠷᠠᠯ ᠲᠡᠭᠡᠷ᠎ᠠ ᠪᠠᠰᠠ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢᠯ ᠤᠨ ᠤᠳ᠋ᠤᠷᠢᠳᠬᠤ ᠲᠤᠭᠤᠢ᠌ᠯᠠᠩ ᠤᠨ ᠠᠯᠪᠠᠨ ᠭᠡᠷ ᠤᠨ ᠲᠠᠷᠤᠮᠠᠯᠯᠠᠨ ᠲᠠᠷᠬᠠᠭᠠᠭᠰᠠᠨ ᠬᠠᠮᠢᠶ᠎ᠠ ᠪᠦᠬᠦᠢ ᠪᠢᠴᠢᠭ᠌ ᠮᠠᠲ᠋ᠸᠷᠢᠶᠠᠯ ᠪᠠ ᠬᠤᠰᠢᠭᠤᠨ ᠨᠠᠮ ᠤᠨ ᠬᠤᠷᠢᠶᠠᠨ ᠤ ᠵᠤᠬᠢᠶᠠᠨ ᠪᠠᠢ᠌ᠭᠤᠯᠬᠤ ᠬᠡᠯᠳ᠋ᠡᠰ ᠤᠨ《ᠠᠯᠪᠠᠳ᠋ᠠᠨ ᠤ ᠡᠩ ᠤᠨ ᠦᠶ᠎ᠠ ᠶᠢᠨ ᠰᠢᠯᠭᠠᠨ ᠬᠢᠨᠠᠬᠤ ᠠᠵᠢᠯ ᠢ ᠭᠦᠨᠵᠡᠭᠡᠢ ᠦᠷᠨᠢᠭᠦᠯᠬᠦ ᠲᠤᠬᠠᠢ ᠮᠡᠳ᠋ᠡᠭ᠍ᠳ᠋ᠡᠯ》ᠵᠡᠷᠭᠡ ᠠᠭᠤᠯᠭ᠎ᠠ ᠶᠢ ᠤᠯᠠᠮᠵᠢᠯᠠᠪᠠ᠃