ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠯᠦ᠋ᠪᠸᠢ ᠭᠤᠤᠯ ᠬᠤᠳ᠋ᠠ ᠶᠢᠨ ᠲᠤᠭᠤᠷᠢᠭ ᠲᠤ ᠵᠡᠭᠡᠯᠢ ᠭᠤᠳ᠋ᠤᠮᠵᠢ ᠶᠢᠨ ᠬᠡᠷᠡᠭ᠌ ᠡᠷᠬᠢᠯᠡᠬᠦ ᠭᠠᠵᠠᠷ ᠪᠠᠢ᠌ᠭᠤᠯᠬᠤ ᠲᠤᠬᠠᠢ ᠠᠷᠠᠳ ᠤᠨ ᠲᠦ᠋ᠯᠦᠭᠡᠯᠡᠭ᠍ᠴᠢᠳ ᠤᠨ ᠰᠠᠨᠠᠯ ᠢ ᠬᠤᠷᠢᠶᠠᠬᠤ ᠰᠠᠭᠤᠳ᠋ᠠᠯ ᠤᠨ ᠬᠤᠷᠠᠯ ᠵᠤᠬᠢᠶᠠᠨ ᠪᠠᠢ᠌ᠭᠤᠯᠵᠤ ᠬᠤᠷᠠᠯᠳ᠋ᠤᠭᠤᠯᠪᠠ

5 ᠰᠠᠷ᠎ᠠ ᠶᠢᠨ 19 ᠊ᠦ ᠡᠳ᠋ᠦᠷ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠯᠦ᠋ᠪᠸᠢ ᠭᠤᠤᠯ ᠬᠤᠳ᠋ᠠ ᠶᠢᠨ ᠲᠤᠭᠤᠷᠢᠭ ᠲᠤ ᠵᠡᠭᠡᠯᠢ ᠭᠤᠳ᠋ᠤᠮᠵᠢ ᠶᠢᠨ ᠬᠡᠷᠡᠭ᠌ ᠡᠷᠬᠢᠯᠡᠬᠦ ᠭᠠᠵᠠᠷ ᠪᠠᠢ᠌ᠭᠤᠯᠬᠤ ᠲᠤᠬᠠᠢ ᠠᠷᠠᠳ ᠤᠨ ᠲᠦ᠋ᠯᠦᠭᠡᠯᠡᠭ᠍ᠴᠢᠳ ᠤᠨ ᠰᠠᠨᠠᠯ ᠢ ᠬᠤᠷᠢᠶᠠᠬᠤ ᠰᠠᠭᠤᠳ᠋ᠠᠯ ᠤᠨ ᠬᠤᠷᠠᠯ ᠵᠤᠬᠢᠶᠠᠨ ᠪᠠᠢ᠌ᠭᠤᠯᠵᠤ ᠬᠤᠷᠠᠯᠳ᠋ᠤᠭᠤᠯᠤᠨ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠦ ᠴᠢᠩ ᠬᠠᠢ ᠬᠤᠷᠠᠯ ᠡᠷᠬᠢᠯᠡᠬᠦ ᠶᠢᠨ ᠬᠠᠮᠳ᠋ᠤ ᠶᠠᠷᠢᠶ᠎ᠠ ᠲᠠᠯᠪᠢᠵᠤ᠂ ᠬᠡᠰᠡᠭ᠌ ᠬᠤᠰᠢᠭᠤᠨ ᠱᠠᠳ᠋ᠤᠨ ᠤ ᠠᠷᠠᠳ ᠤᠨ ᠲᠦ᠋ᠯᠦᠭᠡᠯᠡᠭ᠍ᠴᠢ ᠪᠠ ᠬᠤᠰᠢᠭᠤᠨ ᠤ ᠠᠷᠠᠳ ᠤᠨ ᠶᠠᠪᠤᠳ᠋ᠠᠯ ᠤᠨ ᠲᠤᠪᠴᠢᠶᠠᠨ ᠤ ᠬᠠᠷᠢᠭᠤᠴᠠᠯᠭᠠᠳ᠋ᠠᠨ ᠬᠤᠷᠠᠯ ᠳᠤ ᠤᠷᠤᠯᠴᠠᠪᠠ᠃


ᠡᠦ ᠴᠢᠩ ᠬᠠᠢ ᠡᠴᠡ᠂ ᠰᠢᠨ᠎ᠠ ᠪᠠᠢ᠌ᠳ᠋ᠠᠯ ᠲᠤᠤᠷᠠᠬᠢ ᠵᠡᠭᠡᠯᠢ ᠭᠤᠳ᠋ᠤᠮᠵᠢ ᠶᠢᠨ ᠬᠡᠷᠡᠭ᠌ ᠡᠷᠬᠢᠯᠡᠬᠦ ᠭᠠᠵᠠᠷ ᠤᠨ ᠪᠦᠳ᠋ᠦᠭᠡᠨ ᠪᠠᠢ᠌ᠭᠤᠯᠤᠯᠳ᠋ᠠ ᠶᠢ ᠴᠢᠩᠭ᠋ᠠᠳᠬᠠᠬᠤ ᠶᠢᠨ ᠴᠢᠬᠤᠯᠠ ᠴᠢᠨᠠᠷ ᠢ ᠭᠦᠨᠵᠡᠭᠡᠢ ᠲᠠᠨᠢᠵᠤ᠂ ᠠᠵᠢᠯ ᠤᠨ ᠠᠷᠭ᠎ᠠ ᠠᠪᠴᠠᠯ ᠶᠢᠡᠨ ᠤᠯᠠᠮ ᠨᠢᠭᠡ ᠠᠯᠬᠤᠮ ᠭᠦᠨᠵᠡᠭᠡᠢ ᠰᠤᠳ᠋ᠤᠯᠤᠨ ᠨᠠᠷᠢᠯᠢᠭᠵᠢᠭᠤᠯᠵᠤ᠂ ᠲᠤᠰᠬᠠᠢ ᠠᠩᠭᠢ ᠶᠢ ᠵᠤᠬᠢᠶᠠᠨ ᠪᠠᠢ᠌ᠭᠤᠯᠤᠨ ᠵᠡᠭᠡᠯᠢ ᠭᠤᠳ᠋ᠤᠮᠵᠢ ᠨᠡᠢ᠌ᠭᠡᠮ ᠲᠤᠭᠤᠷᠢᠭ᠂ ᠰᠠᠭᠤᠭᠠᠯᠢ ᠠᠷᠠᠳ ᠤᠨ ᠵᠦ᠋ᠪᠯᠡᠯ ᠳᠤ ᠭᠦᠨᠵᠡᠭᠡᠢ᠌ᠷᠡᠨ᠂ ᠰᠠᠭᠤᠭᠠᠯᠢ ᠠᠷᠠᠳ ᠤᠨ ᠰᠠᠨᠠᠯ ᠰᠠᠨᠠᠭᠤᠯᠭ᠎ᠠ ᠶᠢ ᠬᠤᠷᠢᠶᠠᠵᠤ᠂ ᠠᠳ᠋ᠠᠯᠢ ᠪᠤᠰᠤ ᠲᠡᠰ ᠲᠠᠪᠬᠤᠷᠭ᠎ᠠ ᠶᠢᠨ ᠶᠠᠷᠢᠯᠴᠠᠬᠤ ᠬᠤᠷᠠᠯ ᠢ ᠬᠤᠷᠠᠯᠳ᠋ᠤᠭᠤᠯᠤᠨ᠂ ᠤᠯᠠᠨ ᠤ ᠤᠶᠤᠨ ᠤᠬᠠᠭᠠᠨ ᠬᠠᠮᠳ᠋ᠤ ᠶᠢᠨ ᠬᠦᠴᠦ ᠪᠠᠷ ᠪᠤᠳ᠋ᠠᠳ᠋ᠠᠢ ᠬᠡᠷᠡᠭ᠍ᠵᠢᠭᠦᠯᠬᠦ ᠲᠦ᠋ᠰᠦᠯ ᠭᠠᠷᠭᠠᠵᠤ᠂ ᠠᠷᠠᠳ ᠲᠤ ᠲᠦ᠋ᠭᠦᠮ ᠲᠦ᠋ᠳ᠋ᠡ ᠪᠠᠢ᠌ᠯᠭᠠᠬᠤ ᠵᠠᠷᠴᠢᠮ ᠢ ᠲᠤᠪᠤᠢ᠌ᠯᠭᠠᠨ᠂ ᠵᠡᠭᠡᠯᠢ ᠭᠤᠳ᠋ᠤᠮᠵᠢ ᠶᠢᠨ ᠬᠡᠷᠡᠭ᠌ ᠡᠷᠬᠢᠯᠡᠬᠦ ᠭᠠᠵᠠᠷ ᠤᠨ ᠠᠷᠠᠳ ᠲᠤ ᠦᠢᠯᠡᠴᠢᠯᠡᠬᠦ ᠶᠠᠰᠤ ᠴᠢᠨᠠᠷ ᠢ ᠲᠡᠭᠡᠭ᠍ᠰᠢᠯᠡᠭᠦᠯᠵᠦ᠂ ᠠᠷᠠᠳ ᠤᠯᠠᠨ ᠳᠤ ᠤᠴᠢᠷ ᠶᠠᠪᠤᠳ᠋ᠠᠯ ᠭᠦᠢᠴᠡᠳᠭᠡᠬᠦ ᠳᠤ ᠲᠦ᠋ᠭᠦᠮ ᠦᠵᠡᠭᠦᠯᠦᠨ᠂ ᠨᠡᠩ ᠴᠢᠨᠠᠷ ᠰᠠᠢ᠌ᠳ᠋ᠠᠢ ᠦᠢᠯᠡᠴᠢᠯᠡᠭᠡᠨ ᠬᠦᠷᠳ᠋ᠡᠭᠡᠵᠦ᠂ ᠲᠡᠦᠬᠡ ᠶᠢ ᠬᠦᠨᠳ᠋ᠦᠳᠭᠡᠬᠦ᠂ ᠪᠤᠳ᠋ᠠᠳ᠋ᠤ ᠪᠠᠢ᠌ᠳ᠋ᠠᠯ ᠢ ᠬᠠᠷᠭᠠᠯᠵᠠᠬᠤ ᠵᠠᠷᠴᠢᠮ ᠢ ᠲᠤᠪᠤᠢ᠌ᠯᠭᠠᠨ᠂ ᠬᠤᠳ᠋ᠠ ᠶᠢᠨ ᠲᠤᠭᠤᠷᠢᠭ ᠤᠨ ᠤᠳ᠋ᠤᠬᠢ ᠪᠠᠢ᠌ᠳ᠋ᠠᠯ ᠢ ᠦᠨᠳ᠋ᠦᠰᠦᠯᠡᠵᠦ᠂ ᠵᠠᠭᠠᠭ ᠬᠢᠵᠠᠭᠠᠷ ᠢ ᠰᠢᠨᠵᠢᠯᠡᠬᠦ ᠤᠬᠠᠭᠠᠨᠴᠢ ᠪᠠᠷ ᠬᠤᠪᠢᠶᠠᠷᠯᠠᠨ᠂ ᠰᠤᠷᠭᠠᠨ ᠬᠦᠮᠦᠵᠢᠯ᠂ ᠡᠮ ᠡᠮᠨᠡᠯᠭᠡ᠂ ᠢᠯᠴᠢ ᠬᠠᠩᠭ᠋ᠠᠬᠤ ᠵᠡᠷᠭᠡ ᠤᠯᠠᠨ ᠨᠡᠢ᠌ᠳ᠋ᠡ ᠶᠢᠨ ᠡᠬᠢ ᠪᠠᠶᠠᠯᠢᠭ ᠢ ᠵᠦ᠋ᠢ ᠵᠤᠬᠢᠰᠲᠠᠢ ᠬᠤᠪᠢᠶᠠᠷᠯᠠᠵᠤ᠂ ᠵᠡᠭᠡᠯᠢ ᠭᠤᠳ᠋ᠤᠮᠵᠢ ᠶᠢᠨ ᠬᠡᠷᠡᠭ᠌ ᠡᠷᠬᠢᠯᠡᠬᠦ ᠭᠠᠵᠠᠷ ᠤᠨ ᠨᠡᠷᠡᠢ᠌ᠳ᠋ᠤᠯ ᠳᠤ ᠵᠠᠷᠤᠳ ᠨᠤᠳ᠋ᠤᠭ ᠤᠨ ᠤᠷᠤᠨ ᠤᠨᠴᠠᠯᠢᠭ ᠪᠠ ᠲᠡᠦᠬᠡ ᠰᠤᠶᠤᠯ ᠤᠨ ᠠᠭᠤᠯᠤᠭᠳ᠋ᠠᠬᠤᠨ ᠢ ᠲᠤᠪᠤᠢ᠌ᠯᠭᠠᠨ᠂ ᠨᠡᠷᠡᠢ᠌ᠳ᠋ᠤᠯ ᠤᠨ ᠠᠷᠤ ᠳ᠋ᠡᠬᠢ ᠠᠴᠢᠶᠠᠯᠠᠪᠤᠷᠢ ᠶᠢᠨ ᠲᠡᠦᠬᠡ ᠶᠢᠨ ᠨᠠᠷᠢᠨ ᠠᠭᠤᠯᠭ᠎ᠠ᠂ ᠬᠦᠮᠦᠨ ᠨᠡᠢ᠌ᠭᠡᠮ ᠤᠨ ᠤᠨᠴᠠᠯᠢᠭ ᠪᠠ ᠠᠷᠠᠳ ᠤᠨ ᠵᠠᠩ ᠦᠢᠯᠡ ᠶᠢ ᠢᠯᠡᠷᠡᠭᠦᠯᠬᠦ ᠶᠢ ᠴᠢᠬᠤᠯᠠᠴᠢᠯᠠᠵᠤ᠂ ᠵᠡᠭᠡᠯᠢ ᠭᠤᠳ᠋ᠤᠮᠵᠢ ᠶᠢᠨ ᠬᠡᠷᠡᠭ᠌ ᠡᠷᠬᠢᠯᠡᠬᠦ ᠭᠠᠵᠠᠷ ᠤᠨ ᠨᠡᠷᠡᠢ᠌ᠳ᠋ᠤᠯ ᠢ ᠬᠦᠯᠢᠶᠡᠨ ᠠᠪᠬᠤ ᠬᠡᠮᠵᠢᠶ᠎ᠠ ᠶᠢ ᠲᠡᠭᠡᠭ᠍ᠰᠢᠯᠡᠭᠦᠯᠦᠨ᠂ ᠭᠤᠤᠯ ᠬᠤᠳ᠋ᠠ ᠶᠢᠨ ᠲᠤᠭᠤᠷᠢᠭ ᠤᠨ ᠪᠦᠬᠦᠯᠢ ᠴᠤᠭᠴᠠ ᠶᠢᠨ ᠲᠦ᠋ᠯᠦᠪᠵᠢᠭᠦᠯᠭᠡ᠂ ᠠᠯᠤᠰ ᠤᠨ ᠬᠠᠷᠠᠯᠳ᠋ᠠ ᠪᠠ ᠴᠢᠳ᠋ᠠᠪᠬᠢ ᠶᠢᠨ ᠪᠠᠢ᠌ᠷᠢ ᠲᠤᠭᠳ᠋ᠠᠭᠠᠯᠳ᠋ᠠ ᠳᠤ ᠨᠡᠢ᠌ᠴᠡᠬᠦ ᠵᠠᠷᠴᠢᠮ ᠢ ᠲᠤᠪᠤᠢ᠌ᠯᠭᠠᠵᠤ᠂ ᠰᠢᠨ᠎ᠠ ᠵᠡᠬᠡᠯᠢ ᠭᠤᠳ᠋ᠤᠮᠵᠢ ᠶᠢᠨ ᠬᠡᠷᠡᠭ᠌ ᠡᠷᠬᠢᠯᠡᠬᠦ ᠭᠠᠵᠠᠷ ᠤᠨ ᠲᠦ᠋ᠯᠦᠪᠵᠢᠭᠦᠯᠭᠡ ᠶᠢ ᠤᠤᠯ ᠤᠨ ᠴᠢᠳ᠋ᠠᠪᠬᠢ ᠶᠢᠨ ᠪᠠᠢ᠌ᠷᠢ ᠲᠤᠭᠳ᠋ᠠᠭᠠᠯᠳ᠋ᠠ ᠳᠤ ᠠᠭᠤᠰᠬᠠᠨ ᠤᠷᠤᠭᠤᠯᠤᠨ᠂ ᠪᠦᠬᠦ ᠬᠤᠰᠢᠭᠤᠨ ᠤ ᠵᠤᠬᠢᠴᠠᠩᠭ᠋ᠤᠢ ᠬᠦᠭ᠍ᠵᠢᠯᠳ᠋ᠡ ᠶᠢ ᠪᠠᠳ᠋ᠤᠯᠠᠵᠤ᠂ ᠯᠦ᠋ᠪᠸᠢ ᠭᠤᠤᠯ ᠬᠤᠳ᠋ᠠ ᠶᠢᠨ ᠲᠤᠭᠤᠷᠢᠭ ᠲᠤ ᠵᠡᠭᠡᠯᠢ ᠭᠤᠳ᠋ᠤᠮᠵᠢ ᠶᠢᠨ ᠬᠡᠷᠡᠭ᠌ ᠡᠷᠬᠢᠯᠡᠬᠦ ᠭᠠᠵᠠᠷ ᠪᠠᠢ᠌ᠭᠤᠯᠬᠤ ᠠᠵᠢᠯ ᠤᠨ ᠤᠷᠤᠭᠰᠢᠳ᠋ᠠᠢ ᠶᠠᠪᠤᠭᠳ᠋ᠠᠬᠤ ᠶᠢ ᠪᠠᠳ᠋ᠤᠯᠠᠬᠤ ᠬᠡᠷᠡᠭ᠍ᠳ᠋ᠠᠢ ᠭᠡᠵᠦ ᠴᠢᠬᠤᠯᠠᠴᠢᠯᠠᠪᠠ᠃

ᠬᠤᠷᠠᠯ ᠲᠡᠭᠡᠷ᠎ᠠ᠂ ᠬᠤᠰᠢᠭᠤᠨ ᠤ ᠠᠷᠠᠳ ᠶᠠᠪᠤᠳ᠋ᠠᠯ ᠤᠨ ᠲᠤᠪᠴᠢᠶᠠᠨ ᠤ ᠬᠠᠷᠢᠭᠤᠴᠠᠯᠭᠠᠳ᠋ᠠᠨ《ᠯᠦ᠋ᠪᠸᠢ ᠭᠤᠤᠯ ᠬᠤᠳ᠋ᠠ ᠶᠢᠨ ᠲᠤᠭᠤᠷᠢᠭ ᠲᠤ ᠵᠡᠭᠡᠯᠢ ᠭᠤᠳ᠋ᠤᠮᠵᠢ ᠶᠢᠨ ᠬᠡᠷᠡᠭ᠌ ᠡᠷᠬᠢᠯᠡᠬᠦ ᠭᠠᠵᠠᠷ ᠪᠠᠢ᠌ᠭᠤᠯᠬᠤ ᠠᠵᠢᠯ ᠤᠨ ᠲᠦ᠋ᠰᠦᠯ》(ᠰᠠᠨᠠᠯ ᠬᠤᠷᠢᠶᠠᠬᠤ ᠨᠤᠤᠷᠠᠭ)᠊ᠢ ᠤᠩᠰᠢᠨ ᠨᠡᠢ᠌ᠳ᠋ᠡᠯᠡᠭ᠍ᠰᠡᠨ ᠪᠦᠭᠡᠳ ᠨᠠᠷᠢᠨ ᠲᠠᠢ᠌ᠯᠤᠮᠵᠢ ᠬᠢᠵᠦ᠂ ᠬᠤᠷᠠᠯ ᠳᠤ ᠤᠷᠤᠯᠴᠠᠭᠰᠠᠨ ᠠᠷᠠᠳ ᠤᠨ ᠲᠦ᠋ᠯᠦᠭᠡᠯᠡᠭ᠍ᠴᠢᠳ ᠠᠵᠢᠯ ᠤᠨ ᠲᠦ᠋ᠰᠦᠯ ᠤᠨ ᠲᠤᠭᠤᠷᠢᠨ ᠳᠤ ᠲᠤᠬᠢᠷᠠᠮᠵᠢᠳ᠋ᠠᠢ ᠰᠠᠨᠠᠯ ᠰᠠᠨᠠᠭᠤᠯᠭ᠎ᠠ ᠲᠤᠷᠠᠳᠪᠠ᠃ (ᠯᠸᠢ ᠫᠠᠩ)