
5 ᠰᠠᠷ᠎ᠠ ᠶᠢᠨ 19 ᠊ᠦ ᠡᠳ᠋ᠦᠷ ᠤᠨ ᠦᠳ᠋ᠡ ᠶᠢᠨ ᠬᠤᠢ᠌ᠨ᠎ᠠ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠦ ᠴᠢᠩ ᠬᠠᠢ ᠲᠤᠯᠤᠳ᠋ᠤ ᠰᠤᠮᠤᠨ ᠳᠤ ᠬᠦᠷᠴᠦ᠂ ᠦᠨᠳ᠋ᠦᠰᠦᠡ ᠱᠠᠳ᠋ᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠠᠵᠢᠯ ᠊ᠢ ᠪᠠᠢ᠌ᠴᠠᠭᠠᠨ ᠵᠢᠯᠤᠭᠤᠳᠪᠠ᠃

ᠡᠦ ᠴᠢᠩ ᠬᠠᠢ ᠤᠷᠢᠳ ᠬᠤᠵᠢᠳ ᠲᠤᠯᠤᠳ᠋ᠤ ᠰᠤᠮᠤ ᠶᠢᠨ ᠳ᠋ᠠᠮᠢᠬᠤᠸᠠ ᠭᠠᠴᠠᠭᠠᠨ ᠤ ᠬᠤᠷᠴᠠ ᠶᠢᠨ ᠭᠡᠷ ᠪᠦᠯᠢ ᠶᠢᠨ ᠮᠠᠯᠵᠢᠯ ᠤᠨ ᠲᠠᠯᠠᠪᠠᠢ᠂ ᠲᠤᠯᠤᠳ᠋ᠤ ᠭᠠᠴᠠᠭᠠᠨ ᠤ ᠶᠠᠳ᠋ᠠᠭᠤ ᠶᠢ ᠲᠡᠳᠭᠦᠬᠦ ᠬᠠᠮᠳ᠋ᠤᠷᠠᠭᠰᠠᠨ ᠲᠡᠵᠢᠭᠡᠪᠦᠷᠢ ᠶᠢᠨ ᠲᠤᠰᠬᠠᠢ ᠬᠤᠷᠰᠢᠶᠠᠵᠢᠯ ᠵᠢᠴᠢ ᠪᠠᠶᠠᠨᠮᠠᠩᠬ᠎ᠠ ᠭᠠᠴᠠᠭ᠎ᠠ᠂ ᠯᠦ᠋ᠵᠢᠶᠸ ᠭᠠᠴᠠᠭᠠᠨ ᠤ ᠶᠠᠳ᠋ᠠᠭᠤ ᠡᠴᠡ ᠠᠩᠭᠢᠵᠢᠷᠠᠭᠰᠠᠨ ᠡᠷᠦᠭᠡ ᠳᠤ ᠬᠦᠷᠴᠦ᠂ ᠪᠠᠢ᠌ᠳ᠋ᠠᠯ ᠤᠨ ᠲᠠᠨᠢᠯᠴᠠᠭᠤᠯᠭ᠎ᠠ ᠶᠢ ᠰᠤᠨᠤᠰᠬᠤ᠂ ᠲᠤᠬᠠᠢ ᠶᠢᠨ ᠭᠠᠵᠠᠷ ᠲᠤᠨᠢ ᠬᠦᠷᠴᠦ ᠪᠠᠢ᠌ᠴᠠᠭᠠᠨ ᠦᠵᠡᠬᠦ ᠵᠡᠷᠭᠡ ᠠᠷᠭ᠎ᠠ ᠬᠡᠯᠪᠡᠷᠢ ᠪᠡᠷ ᠲᠠᠮᠵᠢᠨ᠂ ᠲᠤᠯᠤᠳ᠋ᠤ ᠰᠤᠮᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠲᠦ᠋ᠯᠦᠭᠡᠯᠡᠭ᠍ᠴᠢ ᠬᠦᠳ᠋ᠡᠭᠡ ᠲᠤᠰᠬᠤᠨ ᠢ ᠬᠦᠭ᠍ᠵᠢᠭᠦᠯᠦᠨ ᠮᠠᠨᠳ᠋ᠤᠭᠤᠯᠬᠤ᠂ ᠭᠠᠴᠠᠭ᠎ᠠ ᠲᠤᠰᠬᠤᠨ ᠤ ᠬᠠᠮᠳ᠋ᠤ ᠶᠢᠨ ᠠᠵᠤ ᠠᠬᠤᠢ ᠶᠢᠨ ᠬᠦᠭ᠍ᠵᠢᠯᠳ᠋ᠡ ᠳᠤ ᠬᠦᠴᠦᠨ ᠨᠡᠮᠡᠷᠢᠯᠡᠬᠦ᠂ ᠶᠠᠳ᠋ᠠᠭᠤ ᠡᠴᠡ ᠠᠩᠭᠢᠵᠢᠷᠠᠭᠤᠯᠬᠤ ᠪᠤᠭᠤᠮᠳ᠋ᠠ ᠰᠢᠪᠳ᠋ᠤᠯᠤᠭᠰᠠᠨ ᠦᠷ᠎ᠠ ᠪᠦᠳ᠋ᠦᠭᠡᠯ ᠢ ᠪᠡᠬᠢᠵᠢᠭᠦᠯᠬᠦ᠂ ᠬᠤᠭᠤᠴᠠᠭ᠎ᠠ ᠰᠤᠯᠢᠬᠤ ᠰᠤᠩᠭ᠋ᠤᠭᠤᠯᠢ ᠵᠢᠴᠢ ᠮᠠᠯᠴᠢᠨ ᠲᠠᠷᠢᠶᠠᠴᠢᠨ ᠤ ᠦᠢᠯᠡᠳᠪᠦᠷᠢᠯᠡᠯ ᠠᠮᠢᠳ᠋ᠤᠷᠠᠯ ᠵᠡᠷᠭᠡ ᠪᠠᠢ᠌ᠳ᠋ᠠᠯ ᠢ ᠨᠠᠷᠢᠨ ᠤᠢ᠌ᠯᠠᠭᠠᠪᠠ᠃

ᠡᠦ ᠴᠢᠩ ᠬᠠᠢ ᠡᠴᠡ᠂ ᠲᠤᠯᠤᠳ᠋ᠤ ᠰᠤᠮᠤ ᠶᠢᠨ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠲᠡᠷᠢᠭᠦᠯᠡᠭ᠍ᠴᠢᠳ ᠤᠨ ᠪᠦᠯᠬᠦᠮ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠲᠦ᠋ᠯᠦᠭᠡᠯᠡᠭ᠍ᠴᠢ《ᠬᠦᠳ᠋ᠡᠭᠡ ᠲᠤᠰᠬᠤᠨ ᠢ ᠬᠦᠭ᠍ᠵᠢᠭᠦᠯᠦᠨ ᠮᠠᠨᠳ᠋ᠤᠭᠤᠯᠬᠤ ᠳᠤ ᠬᠦᠴᠦᠨ ᠨᠡᠮᠡᠷᠢᠯᠡᠬᠦ》ᠠᠵᠢᠯᠯᠠᠭ᠎ᠠ ᠶᠢ ᠨᠠᠷᠢᠨ ᠬᠢᠨᠠᠮᠠᠭᠠᠢ ᠵᠤᠬᠢᠶᠠᠨ ᠪᠠᠢ᠌ᠭᠤᠯᠤᠨ ᠦᠷᠨᠢᠭᠦᠯᠵᠦ᠂ ᠪᠡᠶ᠎ᠠ ᠪᠠᠷ ᠶᠢᠡᠨ ᠬᠡᠪ ᠲᠠᠭᠤᠷᠢᠶᠠᠯ ᠦᠵᠡᠭᠦᠯᠦᠨ᠂ ᠠᠷᠠᠳ ᠤᠨ ᠲᠦ᠋ᠯᠦᠭᠡᠯᠡᠭ᠍ᠴᠢ ᠵᠢᠱᠢᠶ᠎ᠠ ᠦᠵᠡᠭᠦᠯᠵᠦ ᠬᠦᠳ᠋ᠦᠯᠦᠨ ᠲᠠᠭᠠᠭᠤᠯᠬᠤ ᠪᠠ ᠬᠢᠨᠠᠯᠳ᠋ᠠ ᠲᠠᠯᠪᠢᠵᠤ ᠠᠬᠢᠭᠤᠯᠬᠤ ᠦᠢᠯᠡᠳ᠋ᠦᠯ ᠢ ᠦᠨᠡᠨ ᠬᠦ ᠪᠠᠳ᠋ᠠᠷᠠᠭᠤᠯᠵᠤ᠂ ᠲᠡᠷᠢᠭᠦᠨ ᠤ ᠨᠡᠢ᠌ᠳ᠋ᠡᠯᠢᠭ᠌ ᠵᠢᠱᠢᠶ᠎ᠠ ᠪᠤᠯᠤᠨ ᠬᠦᠮᠦᠰ ᠤᠨ ᠰᠡᠳᠭᠢᠯ ᠢ ᠬᠦᠳ᠋ᠡᠯᠭᠡᠮᠠ ᠦᠢᠯᠡ ᠠᠵᠢᠯᠯᠠᠭ᠎ᠠ ᠶᠢ ᠦᠷᠭᠡᠨ ᠶᠢᠡᠷ ᠤᠬᠠᠭᠤᠯᠤᠨ᠂ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠲᠦ᠋ᠯᠦᠭᠡᠯᠡᠭ᠍ᠴᠢ ᠶᠢᠨ ᠬᠦᠳ᠋ᠡᠭᠡ ᠲᠤᠰᠬᠤᠨ ᠢ ᠬᠦᠭ᠍ᠵᠢᠭᠦᠯᠦᠨ ᠮᠠᠨᠳ᠋ᠤᠭᠤᠯᠬᠤ ᠳᠤ ᠬᠦᠴᠦᠨ ᠨᠡᠮᠡᠷᠢᠯᠡᠬᠦ ᠦᠳᠭᠡᠨ ᠵᠤᠵᠠᠭᠠᠨ ᠠᠭᠤᠷ ᠠᠮᠢᠰᠬᠤᠯ ᠢ ᠪᠤᠢ ᠪᠤᠯᠭᠠᠵᠤ᠂ ᠬᠦᠳ᠋ᠡᠭᠡ ᠲᠤᠰᠬᠤᠨ ᠢ ᠬᠦᠭ᠍ᠵᠢᠭᠦᠯᠦᠨ ᠮᠠᠨᠳ᠋ᠤᠭᠤᠯᠬᠤ ᠳᠤ ᠬᠠᠮᠳ᠋ᠤ ᠪᠠᠷ ᠲᠤᠰᠠᠯᠠᠬᠤ᠂ ᠰᠠᠢ᠌ᠨ ᠰᠠᠢ᠌ᠬᠠᠨ ᠭᠡᠷ ᠤᠷᠤᠨ ᠢ ᠬᠠᠮᠳ᠋ᠤ ᠪᠠᠷ ᠪᠦᠳ᠋ᠦᠭᠡᠨ ᠪᠠᠢ᠌ᠭᠤᠯᠬᠤ ᠰᠠᠢ᠌ᠨ ᠰᠠᠢ᠌ᠬᠠᠨ ᠪᠠᠢ᠌ᠳ᠋ᠠᠯ ᠢ ᠦᠨᠡᠨ ᠬᠦ ᠪᠡᠶᠡᠯᠡᠭᠦᠯᠬᠦ ᠬᠡᠷᠡᠭ᠍ᠳ᠋ᠠᠢ ᠭᠡᠵᠠᠢ᠃

ᠶᠠᠳ᠋ᠠᠭᠤ ᠡᠴᠡ ᠠᠩᠭᠢᠵᠢᠷᠠᠭᠰᠠᠨ ᠡᠷᠦᠭᠡ ᠶᠢ ᠰᠤᠷᠪᠤᠯᠵᠢᠯᠠᠬᠤ ᠦᠶᠡᠰ᠂ ᠡᠦ ᠴᠢᠩ ᠬᠠᠢ ᠡᠴᠡ᠂ ᠲᠤᠯᠤᠳ᠋ᠤ ᠰᠤᠮᠤ ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢᠯ ᠢ ᠯᠠᠪᠳ᠋ᠠᠭᠤᠨ ᠪᠠᠳ᠋ᠤᠳ᠋ᠠᠢ ᠠᠬᠢᠭᠤᠯᠤᠨ᠂《ᠭᠤᠷᠪᠠ ᠶᠢ ᠠᠰᠠᠭᠤᠬᠤ》ᠠᠵᠢᠯᠯᠠᠭ᠎ᠠ ᠶᠢ ᠭᠦᠨᠵᠡᠭᠡᠢ ᠦᠷᠨᠢᠭᠦᠯᠵᠦ᠂ ᠤᠯᠠᠨ ᠲᠦ᠋ᠮᠡᠨ ᠤ ᠬᠦᠰᠡᠵᠦ ᠰᠠᠨᠠᠵᠤ ᠬᠦᠴᠢᠷᠳ᠋ᠡᠵᠦ ᠪᠠᠢ᠌ᠬᠤ ᠪᠠᠢ᠌ᠳ᠋ᠠᠯ ᠢ ᠤᠢ᠌ᠯᠠᠭᠠᠨ᠂ ᠶᠠᠳ᠋ᠠᠭᠤ ᠬᠦᠴᠢᠷᠳ᠋ᠡᠯᠳ᠋ᠠᠢ ᠡᠷᠦᠭᠡ ᠶᠠᠳ᠋ᠠᠭᠤ ᠡᠴᠡ ᠠᠩᠭᠢᠵᠢᠷᠠᠭᠰᠠᠨ ᠤ ᠲᠠᠷᠠᠭᠠᠬᠢ ᠦᠢᠯᠡᠳᠪᠦᠷᠢᠯᠡᠯ ᠠᠮᠢᠳ᠋ᠤᠷᠠᠯ ᠤᠨ ᠪᠠᠢ᠌ᠳ᠋ᠠᠯ ᠢ ᠴᠠᠭ ᠲᠤᠬᠠᠢ ᠲᠤᠨᠢ ᠡᠵᠡᠮᠰᠢᠵᠦ᠂ ᠤᠯᠠᠨ ᠲᠦ᠋ᠮᠡᠨ ᠤ ᠦᠢᠯᠡᠳᠪᠦᠷᠢᠯᠡᠯ ᠢ ᠬᠦᠭ᠍ᠵᠢᠭᠦᠯᠬᠦ ᠲᠤᠮᠳ᠋ᠠᠬᠢ ᠬᠦᠴᠢᠷᠳ᠋ᠡᠯ ᠪᠠ ᠬᠦᠳ᠋ᠡᠭᠡ ᠲᠤᠰᠬᠤᠨ ᠢ ᠬᠦᠭ᠍ᠵᠢᠭᠦᠯᠦᠨ ᠮᠠᠨᠳ᠋ᠤᠭᠤᠯᠬᠤ ᠲᠠᠯ᠎ᠠ ᠶᠢᠨ ᠬᠡᠷᠡᠭ᠍ᠴᠡᠭᠡ ᠶᠢ ᠭᠦᠨᠵᠡᠭᠡᠢ ᠤᠢ᠌ᠯᠠᠭᠠᠵᠤ᠂ ᠤᠨᠴᠠᠭᠠᠢ᠌ᠯᠠᠨ ᠲᠦ᠋ᠷᠦᠯ ᠵᠦ᠋ᠢᠯ ᠤᠨ ᠲᠡᠮᠵᠢᠯᠭᠡ᠂ ᠮᠡᠷᠭᠡᠵᠢᠯ ᠲᠡᠯᠭᠡᠷᠡᠭᠦᠯᠬᠦ᠂ ᠮᠡᠷᠭᠡᠵᠢᠯ ᠤᠨ ᠪᠤᠯᠪᠠᠰᠤᠷᠠᠯ᠂ ᠭᠠᠳ᠋ᠠᠭᠰᠢ ᠭᠠᠷᠴᠦ ᠰᠤᠷᠤᠯᠴᠠᠬᠤ ᠵᠡᠷᠭᠡ ᠬᠡᠯᠪᠡᠷᠢ ᠪᠠᠷ ᠲᠠᠮᠵᠢᠨ ᠦᠬᠡᠷ ᠲᠡᠵᠢᠭᠡᠬᠦ ᠲᠤᠰᠬᠠᠢ ᠬᠤᠷᠰᠢᠶᠠᠵᠢᠯ ᠪᠤᠯᠤᠨ ᠲᠡᠵᠢᠭᠡᠨ ᠦᠷᠡᠵᠢᠭᠦᠯᠬᠦ ᠡᠷᠦᠭᠡ ᠶᠢᠨ ᠮᠠᠯ ᠤᠨ ᠬᠡᠮ ᠬᠢᠵᠢᠭ᠌ ᠢ ᠰᠡᠷᠭᠡᠢ᠌ᠯᠡᠨ ᠵᠠᠰᠠᠬᠤ᠂ ᠮᠠᠯ ᠰᠦ᠋ᠷᠦᠭ᠌ ᠤᠨ ᠴᠢᠨᠠᠷ ᠢ ᠲᠡᠭᠡᠭ᠍ᠰᠢᠯᠡᠭᠦᠯᠬᠦ᠂ ᠪᠠᠢ᠌ᠭᠤᠯᠤᠯ ᠲᠤᠭᠳ᠋ᠠᠴᠠ ᠶᠢ ᠪᠠᠢ᠌ᠭᠤᠯᠤᠨ ᠲᠡᠭᠦᠯᠳ᠋ᠡᠷᠵᠢᠭᠦᠯᠬᠦ ᠵᠡᠷᠭᠡ ᠬᠦᠴᠢᠷᠳ᠋ᠡᠯ ᠢ ᠬᠠᠪᠰᠤᠷᠤᠨ ᠰᠢ᠌ᠳᠪᠤᠷᠢᠯᠡᠵᠦ᠂ ᠤᠯᠠᠨ ᠲᠦ᠋ᠮᠡᠨ ᠳᠤ ᠦᠨᠡᠨ ᠬᠦ ᠪᠤᠳ᠋ᠠᠳ᠋ᠤ ᠶᠠᠪᠤᠳ᠋ᠠᠯ ᠬᠢᠬᠦ ᠬᠡᠷᠡᠭ᠍ᠳ᠋ᠠᠢ ᠭᠡᠵᠦ ᠱᠠᠭᠠᠷᠳ᠋ᠠᠵᠠᠢ᠃(ᠯᠸᠢ ᠫᠠᠩ)