ᠤᠳᠤ ᠶᠢᠨ ᠪᠠᠢ᠌ᠷᠢ᠄ ᠴᠢᠬᠤᠯᠠ ᠮᠡᠳᠡᠭᠡ → ᠦᠪᠦᠷ ᠮᠤᠩᠭ᠋ᠤᠯ ᠤᠨ ᠦᠪᠡᠷᠳ᠋ᠡᠭᠡᠨ ᠵᠠᠰᠠᠬᠤ᠁
ᠦᠪᠦᠷ ᠮᠤᠩᠭ᠋ᠤᠯ ᠤᠨ ᠦᠪᠡᠷᠳ᠋ᠡᠭᠡᠨ ᠵᠠᠰᠠᠬᠤ ᠤᠷᠤᠨ ᠤ ᠪᠤᠯᠪᠠᠰᠤᠨ ᠬᠤᠳ᠋ᠠ ᠶᠢ ᠪᠢᠳ᠋ᠡ ᠪᠦᠭᠦᠳ᠋ᠡᠭᠡᠷ ᠡᠭᠦᠳ᠋ᠦᠨ ᠪᠠᠢ᠌ᠭᠤᠯᠤᠶ᠎ᠠ

ᠦᠷᠭᠡᠨ ᠤᠯᠠᠨ ᠰᠠᠭᠤᠭᠠᠯᠢ ᠠᠷᠠᠳ ᠲᠤ᠄

ᠬᠤᠳ᠋ᠠ ᠪᠤᠯ ᠮᠠᠨ ᠤ ᠬᠠᠮᠳ᠋ᠤ ᠶᠢᠨ ᠭᠡᠷ ᠤᠷᠤᠨ ᠮᠦ᠋ᠨ᠂ ᠰᠠᠢ᠌ᠨ ᠰᠠᠢ᠌ᠬᠠᠨ ᠬᠤᠳ᠋ᠠ ᠶᠢᠨ ᠤᠷᠴᠢᠨ ᠲᠤᠭᠤᠷᠢᠨ ᠢ ᠪᠤᠢ ᠪᠤᠯᠭᠠᠵᠤ᠂ ᠰᠠᠢ᠌ᠨ ᠰᠠᠢ᠌ᠬᠠᠨ ᠬᠤᠳ᠋ᠠ ᠶᠢᠨ ᠡᠮᠬᠢ ᠵᠢᠷᠤᠮ ᠢ ᠬᠠᠮᠠᠭᠠᠯᠠᠬᠤ ᠪᠤᠯ ᠪᠢᠳ᠋ᠡᠨ ᠤ ᠬᠠᠮᠳ᠋ᠤ ᠶᠢᠨ ᠬᠦᠰᠡᠯ ᠡᠷᠡᠮᠡᠯᠵᠡᠯ ᠮᠦ᠋ᠨ᠂ ᠰᠠᠭᠤᠭᠠᠯᠢ ᠠᠷᠠᠳ ᠤᠨ ᠨᠢᠭᠡ ᠭᠡᠰᠢᠭᠦᠨ ᠪᠤᠯᠤᠭᠰᠠᠨ ᠤ ᠬᠤᠪᠢ ᠳᠤ᠂ ᠪᠢᠳ᠋ᠡ ᠲᠡᠷᠡ ᠲᠤᠤᠷ᠎ᠠ ᠨᠢ ᠬᠦᠳ᠋ᠡᠯᠦᠯᠴᠡᠵᠦ᠂ ᠦᠪᠡᠷ ᠤᠨ ᠪᠡᠶ᠎ᠠ ᠡᠴᠡ ᠪᠠᠨ ᠡᠬᠢᠯᠡᠨ ᠬᠢᠵᠦ᠂ ᠬᠠᠵᠠᠭᠤᠳ᠋ᠠᠬᠢ ᠵᠢᠵᠢᠭ᠌ ᠶᠠᠪᠤᠳ᠋ᠠᠯ ᠡᠴᠡ ᠡᠬᠢᠯᠡᠨ ᠬᠢᠵᠦ᠂ ᠪᠤᠳ᠋ᠠᠳ᠋ᠤ ᠠᠵᠢᠯᠯᠠᠭ᠎ᠠ ᠪᠠᠷ ᠶᠢᠡᠨ ᠪᠤᠯᠪᠠᠰᠤᠨ ᠬᠤᠳ᠋ᠠ ᠶᠢᠨ ᠠᠷᠠᠳ ᠪᠤᠯᠬᠤ ᠪᠠᠷ ᠴᠢᠷᠮᠠᠢ᠌ᠨ᠂ ᠦᠪᠡᠷᠳ᠋ᠡᠭᠡᠨ ᠵᠠᠰᠠᠬᠤ ᠤᠷᠤᠨ ᠤ ᠪᠤᠯᠪᠠᠰᠤᠨ ᠬᠤᠳ᠋ᠠ ᠶᠢ ᠴᠢᠷᠮᠠᠢ᠌ᠨ ᠪᠠᠢ᠌ᠭᠤᠯᠤᠶ᠎ᠠ᠃ ᠡᠭᠦᠨ ᠤ ᠲᠤᠯᠠᠳ᠋ᠠ᠂ ᠪᠢᠳ᠋ᠡ ᠦᠷᠭᠡᠨ ᠤᠯᠠᠨ ᠰᠠᠭᠤᠭᠠᠯᠢ ᠠᠷᠠᠳ ᠢ ᠰᠠᠨᠠᠭᠠᠴᠢᠯᠠᠬᠤ ᠨᠢ᠄
       ᠦᠪᠡᠷ ᠤᠨ ᠪᠡᠶ᠎ᠠ ᠡᠴᠡ ᠪᠠᠨ ᠭᠠᠷᠳ᠋ᠠᠨ ᠪᠤᠯᠪᠠᠰᠤᠨ ᠦᠭᠡ ᠶᠡᠷᠢᠶ᠎ᠠ᠃
       ᠦᠪᠡᠷ ᠤᠨ ᠪᠡᠶ᠎ᠠ ᠡᠴᠡ ᠪᠠᠨ ᠭᠠᠷᠳ᠋ᠠᠨ ᠪᠤᠯᠪᠠᠰᠤᠨ ᠶᠠᠪᠤᠵᠤ ᠰᠠᠭᠤᠶ᠎ᠠ᠃
       ᠦᠪᠡᠷ ᠤᠨ ᠪᠡᠶ᠎ᠠ ᠡᠴᠡ ᠪᠠᠨ ᠭᠠᠷᠳᠠᠨ ᠪᠤᠯᠪᠠᠰᠤᠨ ᠦᠢᠯᠡ ᠠᠵᠢᠯᠯᠠᠭ᠎ᠠ ᠬᠢᠶ᠎ᠠ᠃
       ᠦᠪᠡᠷ ᠤᠨ ᠪᠡᠶ᠎ᠠ ᠡᠴᠡ ᠪᠠᠨ ᠭᠠᠷᠳᠠᠨ ᠪᠤᠯᠪᠠᠰᠤᠨ ᠬᠦᠮᠦᠨ ᠪᠤᠯᠤᠶ᠎ᠠ᠃
      ᠦᠷᠭᠡᠨ ᠤᠯᠠᠨ ᠰᠠᠭᠤᠭᠠᠯᠢ ᠠᠷᠠᠳ ᠨᠠᠢ᠌ᠵᠠ ᠨᠦ᠋ᠬᠦᠳ ᠡ᠂ ᠲᠠᠨ ᠤ ᠬᠦᠮᠦᠨ ᠨᠢᠭᠡᠪᠦᠷᠢ ᠶᠢᠨ ᠤᠬᠠᠮᠰᠡᠷ ᠨᠢ ᠮᠠᠨ ᠤ ᠬᠤᠳ᠋ᠠ ᠶᠢᠡᠨ ᠪᠤᠯᠪᠠᠰᠤᠨ ᠡᠴᠡ ᠨᠡᠩ ᠤᠢ᠌ᠷᠠᠬᠠᠨ ᠪᠤᠯᠭᠠᠵᠤ᠂ ᠲᠠᠨ ᠤ ᠶᠠᠳ᠋ᠠᠷᠠᠯ ᠵᠦ᠋ᠳ᠋ᠡᠷᠡᠯ ᠨᠢᠭᠡᠪᠦᠷᠢ ᠨᠢ ᠴᠦ᠋ᠮ ᠮᠠᠨ ᠤ ᠬᠤᠳ᠋ᠠ ᠳᠤ ᠦᠩᠭᠡ ᠭᠡᠷᠡᠯ ᠨᠡᠮᠡᠷᠢᠯᠡᠨ᠂ ᠪᠢᠳ᠋ᠡ ᠭᠠᠷ ᠭᠠᠷ ᠶᠢᠡᠨ ᠬᠤᠯᠪᠤᠵᠤ᠂ ᠡᠵᠡᠨ ᠬᠦᠮᠦᠨ ᠤ ᠡᠭᠦᠷᠭᠡᠳ᠋ᠦ ᠰᠡᠳᠭᠢᠯᠭᠡ ᠪᠠ ᠬᠠᠷᠢᠭᠤᠴᠠᠯᠭᠠᠳ᠋ᠤ ᠰᠡᠳᠭᠢᠯᠭᠡ ᠪᠠᠷ᠂ ᠦᠪᠡᠷ ᠤᠨ ᠪᠡᠶ᠎ᠠ ᠡᠴᠡ ᠪᠠᠨ ᠡᠬᠢᠯᠡᠨ ᠬᠢᠵᠦ᠂ ᠪᠠᠭ᠎ᠠ ᠶᠠᠪᠤᠳ᠋ᠠᠯ ᠡᠴᠡ ᠡᠬᠢᠯᠡᠨ ᠬᠢᠵᠦ᠂ ᠪᠤᠯᠪᠠᠰᠤᠨ ᠦᠢᠯᠡ ᠠᠵᠢᠯᠯᠠᠭ᠎ᠠ ᠶᠢ ᠬᠦᠮᠦᠵᠢᠭᠦᠯᠦᠨ᠂ ᠪᠤᠯᠪᠠᠰᠤᠨ ᠬᠤᠳ᠋ᠠ ᠶᠢᠨ ᠠᠷᠠᠳ ᠪᠤᠯᠬᠤ ᠪᠠᠷ ᠴᠢᠷᠮᠠᠢ᠌ᠨ᠂ ᠪᠤᠯᠪᠠᠰᠤᠨ ᠵᠠᠷᠤᠳ ᠶᠢᠡᠷ ᠶᠢᠡᠨ ᠪᠢᠳ᠋ᠡᠨ ᠤ ᠬᠠᠮᠳ᠋ᠤ ᠶᠢᠨ ᠤᠮᠤᠭᠰᠢᠯ ᠪᠤᠯᠭᠠᠶ᠎ᠠ︕


                                     ᠵᠠᠷᠤᠳ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠠᠯᠪᠠᠨ ᠭᠡᠷ

ᠡᠮᠦᠨᠡᠬᠢ᠄ ᠡᠦ ᠴᠢᠩ ᠬᠠᠢ ᠲᠤᠯᠤᠳ᠋ᠤ ᠰᠤᠮᠤᠨ ᠳᠤ ᠬᠦᠷᠴᠦ ᠠᠵᠢᠯ ᠪᠠᠢ᠌ᠴᠠᠭᠠᠨ ᠰᠤᠳ᠋ᠤᠯᠪᠠ
ᠳᠠᠷᠠᠭᠠᠬᠢ᠄ ᠬᠤᠳ᠋ᠠ ᠶᠢᠨ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠮᠠᠨ ᠤ ᠬᠤᠰᠢᠭᠤᠨ ᠳᠤ ᠢᠷᠡᠵᠦ《ᠲᠦ᠋ᠩᠯᠢᠶᠤᠤ ᠬᠤᠳ᠋ᠠ ᠶᠢᠨ ᠬᠤᠳ᠋ᠠ ᠪᠠᠯᠭᠠᠰᠤᠨ ᠤ ᠢᠯᠴᠢ ᠬᠠᠩᠭ᠋ᠠᠬᠤ ᠲᠦ᠋ᠷᠢᠮ》᠊ᠤᠨ ᠲᠤᠬᠠᠢ ᠬᠠᠦᠯᠢ ᠲᠤᠭᠳ᠋ᠠᠭᠠᠯᠳ᠋ᠠ ᠶᠢᠨ ᠪᠠᠢ᠌ᠴᠠᠭᠠᠨ ᠰᠤᠳ᠋ᠤᠯᠤᠯᠳ᠋ᠠ ᠦᠷᠨᠢᠭᠦᠯᠪᠡ