ᠤᠳᠤ ᠶᠢᠨ ᠪᠠᠢ᠌ᠷᠢ᠄ ᠪᠠᠢ᠌ᠩᠭᠤ ᠶᠢᠨ ᠬᠤᠷᠢᠶᠠᠨ ᠤ ᠠᠵᠢᠯ → ᠵᠠᠷᠤᠳ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ᠁
ᠵᠠᠷᠤᠳ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠰᠤᠮᠤ ᠪᠠᠯᠭᠠᠰᠤᠨ ᠤ ᠠᠷᠠᠳ ᠤᠨ ᠲᠦ᠋ᠯᠤᠭᠡᠯᠡᠭ᠍ᠴᠢ ᠪᠢᠯᠸᠲ ᠦᠭ᠍ᠴᠦ ᠪᠠᠳ᠋ᠤᠯᠠᠬᠤ ᠲᠦ᠋ᠷᠢᠮ ᠤᠨ ᠠᠵᠢᠯ ᠢ ᠢᠳ᠋ᠡᠪᠬᠢᠳ᠋ᠠᠢ ᠵᠢᠯᠤᠭᠤᠳ᠋ᠤᠨ ᠠᠬᠢᠭᠤᠯᠪᠠ

      2021 ᠤᠨ ᠳᠤ᠂ ᠵᠠᠷᠤᠳ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠦᠪᠡᠷᠳ᠋ᠡᠭᠡᠨ ᠵᠠᠰᠠᠬᠤ ᠤᠷᠤᠨ ᠪᠠ ᠲᠦ᠋ᠩᠯᠢᠶᠤᠤ ᠬᠤᠳ᠋ᠠ ᠶᠢᠨ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠠᠷᠠᠳ ᠤᠨ ᠠᠮᠢᠳ᠋ᠤᠷᠠᠯ ᠤᠨ ᠪᠤᠳ᠋ᠠᠳ᠋ᠤ ᠶᠠᠪᠤᠳ᠋ᠠᠯ ᠤᠨ ᠲᠦ᠋ᠷᠦᠯ ᠵᠦ᠋ᠢᠯ ᠢ ᠠᠷᠠᠳ ᠤᠨ ᠲᠦ᠋ᠯᠦᠭᠡᠯᠡᠭ᠍ᠴᠢ ᠪᠢᠯᠸᠲ ᠦᠭ᠍ᠴᠦ ᠪᠠᠳ᠋ᠤᠯᠠᠬᠤ ᠲᠦ᠋ᠷᠢᠮ ᠤᠨ ᠠᠵᠢᠯ ᠊ᠤᠨ ᠲᠤᠬᠠᠢ ᠰᠢ᠌ᠳᠪᠤᠷᠢᠳ᠋ᠤ ᠪᠤᠳ᠋ᠤᠯᠭ᠎ᠠ ᠶᠢᠨ ᠪᠠᠢ᠌ᠷᠢᠯᠠᠭᠤᠯᠤᠯᠳ᠋ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠬᠤᠰᠢᠭᠤᠨ ᠱᠠᠳ᠋ᠤᠨ ᠤ ᠠᠷᠠᠳ ᠤᠨ ᠠᠮᠢᠳ᠋ᠤᠷᠠᠯ ᠤᠨ ᠪᠤᠳ᠋ᠠᠳ᠋ᠤ ᠶᠠᠪᠤᠳ᠋ᠠᠯ ᠤᠨ ᠲᠦ᠋ᠷᠦᠯ ᠵᠦ᠋ᠢᠯ ᠢ ᠠᠷᠠᠳ ᠤᠨ ᠲᠦ᠋ᠯᠦᠭᠡᠯᠡᠭ᠍ᠴᠢ ᠪᠢᠯᠸᠲ ᠦᠭ᠍ᠴᠦ ᠪᠠᠳ᠋ᠤᠯᠠᠬᠤ ᠲᠦ᠋ᠷᠢᠮ ᠢ ᠨᠠᠷᠢᠨ ᠬᠢᠨᠠᠮᠠᠭᠠᠢ ᠨᠠᠢ᠌ᠳ᠋ᠠᠪᠤᠷᠢᠵᠢᠭᠤᠯᠬᠤ ᠶᠢᠨ ᠬᠠᠮᠳ᠋ᠤ᠂ ᠰᠤᠮᠤ ᠪᠠᠯᠭᠠᠰᠤᠨ (ᠵᠡᠭᠡᠯᠢ ᠭᠤᠳ᠋ᠤᠮᠵᠢ) ᠊ᠳᠤ ᠬᠦᠨᠵᠡᠭᠡᠢ᠌ᠷᠡᠨ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠠᠵᠢᠯ ᠢ ᠵᠢᠭᠠᠨ ᠵᠢᠯᠤᠭᠤᠳᠴᠦ᠂ ᠦᠨᠳ᠋ᠦᠰᠦᠨ ᠱᠠᠳ᠋ᠤᠨ ᠤ ᠭᠤᠤᠯᠳ᠋ᠠᠯᠭ᠎ᠠ ᠲᠡᠶ ᠠᠷᠠᠳ ᠤᠨ ᠠᠮᠢᠳ᠋ᠤᠷᠠᠯ ᠤᠨ ᠪᠤᠳ᠋ᠠᠳ᠋ᠤ ᠶᠠᠪᠤᠳ᠋ᠠᠯ ᠤᠨ ᠲᠦ᠋ᠷᠦᠯ ᠵᠦ᠋ᠢᠯ ᠢ ᠪᠦᠳ᠋ᠦᠮᠵᠢᠳ᠋ᠠᠢ ᠦᠷᠨᠢᠭᠦᠯᠬᠦ ᠶᠢ ᠲᠦ᠋ᠯᠬᠢᠨ ᠠᠬᠢᠭᠤᠯᠪᠠ᠃ ᠦᠨᠤ ᠵᠢᠯ᠂ 10 ᠰᠤᠮᠤ ᠪᠠᠯᠭᠠᠰᠤ (ᠵᠡᠭᠡᠯᠢ ᠭᠤᠳ᠋ᠤᠮᠵᠢ)᠊ᠳᠤ ᠪᠢᠯᠸᠲ ᠦᠭ᠍ᠴᠦ ᠪᠠᠳ᠋ᠤᠯᠠᠬᠤ ᠲᠦ᠋ᠷᠢᠮ ᠢ ᠬᠡᠷᠡᠭ᠍ᠵᠢᠭᠦᠯᠦᠨ᠂ ᠰᠤᠷᠭᠠᠭᠤᠯᠢ ᠶᠢᠨ ᠵᠢᠭᠠᠨ ᠰᠤᠷᠭᠠᠯᠳ᠋ᠠ ᠶᠢᠨ ᠠᠰᠠᠷ ᠤᠨ ᠪᠦᠳ᠋ᠦᠭᠡᠨ ᠪᠠᠢ᠌ᠭᠤᠯᠤᠯᠳ᠋ᠠ᠂ ᠵᠠᠮ ᠤᠨ ᠰᠠᠭᠤᠷᠢ ᠲᠦ᠋ᠬᠦᠭᠡᠷᠦᠮᠵᠢ ᠶᠢᠨ ᠪᠦᠳ᠋ᠦᠭᠡᠨ ᠪᠠᠢ᠌ᠭᠤᠯᠤᠯᠳ᠋ᠠ᠂ ᠦᠨᠳ᠋ᠦᠷ ᠪᠠᠷᠢᠮᠵᠢᠶᠠᠳ᠋ᠤ ᠲᠠᠷᠢᠶᠠᠨ ᠭᠠᠵᠠᠷ ᠤᠨ ᠪᠦᠳ᠋ᠦᠭᠡᠨ ᠪᠠᠢ᠌ᠭᠤᠯᠤᠯᠳ᠋ᠠ ᠵᠡᠷᠭᠡ 12 ᠲᠦ᠋ᠷᠦᠯ ᠵᠦ᠋ᠢᠯ ᠢ ᠨᠠᠢ᠌ᠳ᠋ᠠᠪᠤᠷᠢᠵᠢᠭᠤᠯᠵᠤ᠂ ᠨᠡᠢ᠌ᠳ᠋ᠡ 5301.47 ᠲᠦ᠋ᠮᠡᠨ ᠲᠦ᠋ᠭᠦᠷᠢᠭ᠌ ᠤᠨ ᠪᠡᠯᠡ ᠮᠦ᠋ᠩᠬᠦ ᠤᠷᠤᠭᠤᠯᠪᠠ᠃ ᠤᠳ᠋ᠤᠬᠠᠨ ᠳᠤ᠂ ᠡᠯ᠎ᠠ ᠲᠦ᠋ᠷᠦᠯ ᠵᠦ᠋ᠢᠯ ᠨᠢ ᠪᠦᠷ ᠠᠬᠢᠴᠡ ᠶᠤᠰᠤᠭᠠᠷ ᠡᠬᠢᠯᠡᠭᠦᠯᠦᠨ ᠪᠠᠢ᠌ᠭᠤᠯᠵᠤ᠂ ᠵᠢᠯ ᠤᠨ ᠡᠴᠦᠰ ᠪᠤᠯᠬᠤ ᠡᠴᠡ ᠡᠮᠦᠨ᠎ᠠ ᠪᠦᠬᠦᠨ ᠢ ᠠᠰᠢᠭᠯᠠᠯᠳ᠋ᠠ ᠳᠤ ᠤᠷᠤᠭᠤᠯᠬᠤ ᠪᠠᠷ ᠴᠢᠷᠮᠠᠢ᠌ᠵᠤ ᠪᠤᠢ᠃
      ᠶᠠᠪᠤᠴᠠ ᠶᠢ ᠴᠢᠩᠳ᠋ᠡᠯᠡᠵᠦ᠂ ᠠᠯᠬᠤᠮ ᠲᠠᠷᠠᠭᠠᠯᠠᠯ ᠤᠨ ᠲᠦ᠋ᠷᠢᠮᠵᠢᠯ ᠢ ᠦᠨᠡᠨ ᠬᠦ ᠪᠠᠳ᠋ᠤᠯᠠᠪᠠ᠃ ᠵᠢᠯ ᠤᠨ ᠡᠬᠢᠨ ᠳᠤ᠂ ᠪᠠᠢ᠌ᠩᠭ᠋ᠤ ᠶᠢᠨ ᠬᠤᠷᠢᠶ᠎ᠠ ᠠᠵᠢᠯᠯᠠᠬᠤ ᠲᠤᠭᠤᠢ᠌ᠯᠠᠩ ᠢ ᠵᠤᠬᠢᠶᠠᠨ ᠪᠠᠢ᠌ᠭᠤᠯᠤᠨ ᠰᠤᠮᠤ ᠪᠠᠯᠭᠠᠰᠤᠨ ᠳᠤ ᠬᠦᠨᠵᠡᠭᠡᠢ᠌ᠷᠡᠵᠤ᠂ ᠪᠠᠢ᠌ᠴᠠᠭᠠᠨ ᠰᠤᠳ᠋ᠤᠯᠵᠦ ᠪᠠᠢ᠌ᠳ᠋ᠠᠯ ᠢ ᠤᠢ᠌ᠯᠠᠭᠠᠨ᠂ ᠪᠢᠯᠸᠲ ᠦᠭ᠍ᠴᠦ ᠪᠠᠳ᠋ᠤᠯᠠᠬᠤ ᠲᠦ᠋ᠷᠢᠮ ᠢ ᠨᠢᠭᠡᠨᠳ᠋ᠡ ᠬᠡᠷᠡᠭ᠍ᠵᠢᠭᠦᠯᠦᠭ᠍ᠰᠡᠨ ᠰᠤᠮᠤ ᠪᠠᠯᠭᠠᠰᠤᠨ ᠤ ᠲᠦ᠋ᠷᠦᠯ ᠵᠦ᠋ᠢᠯ ᠢ ᠡᠯᠰᠡᠨ ᠴᠤᠭᠯᠠᠭᠤᠯᠬᠤ᠂ ᠪᠢᠯᠸᠲ ᠦᠭ᠍ᠴᠦ ᠪᠠᠳ᠋ᠤᠯᠠᠬᠤ ᠶᠠᠪᠤᠴᠠ ᠪᠠ ᠲᠠᠷᠠᠭᠠᠴᠢ ᠶᠢᠨ ᠬᠢᠨᠠᠯᠳ᠋ᠠ ᠲᠠᠯᠪᠢᠬᠤ ᠵᠡᠷᠭᠡ ᠠᠷᠭ᠎ᠠ ᠠᠪᠴᠡᠯ ᠢ ᠨᠠᠷᠢᠯᠢᠭ ᠤᠢ᠌ᠯᠠᠭᠠᠵᠤ᠂ ᠦᠨᠤ ᠵᠢᠯ ᠤᠨ ᠰᠢᠨ᠎ᠠ ᠪᠠᠷ ᠨᠡᠮᠡᠭ᠍ᠳ᠋ᠡᠭ᠍ᠰᠡᠨ ᠭᠠᠵᠠᠷ ᠤᠷᠤᠨ ᠳᠤ ᠪᠤᠳ᠋ᠠᠳ᠋ᠠᠢ ᠲᠦ᠋ᠰᠦᠯ ᠲᠤᠭᠳ᠋ᠠᠭᠠᠬᠤ ᠶᠢ ᠵᠢᠯᠤᠭᠤᠳ᠋ᠤᠨ᠂ ᠦᠨᠳ᠋ᠦᠷ ᠪᠠᠷᠢᠮᠵᠢᠶ᠎ᠠ ᠴᠢᠩᠭ᠎ᠠ ᠱᠠᠭᠠᠷᠳ᠋ᠠᠯᠭ᠎ᠠ ᠪᠠᠷ ᠠᠷᠠᠳ ᠤᠨ ᠲᠦ᠋ᠯᠤᠭᠡᠯᠡᠭ᠍ᠴᠢ ᠶᠢᠨ ᠪᠢᠯᠸᠲ ᠦᠭ᠍ᠴᠦ ᠪᠠᠳ᠋ᠤᠯᠠᠬᠤ ᠲᠦ᠋ᠷᠢᠮ ᠤᠨ ᠠᠵᠢᠯ ᠢ ᠲᠦ᠋ᠯᠬᠢᠨ ᠠᠬᠢᠭᠤᠯᠪᠠ᠃
      ᠦᠷᠭᠦᠯᠵᠢᠯᠡᠨ ᠮᠦ᠋ᠷᠳ᠋ᠡᠵᠦ᠂ ᠴᠠᠭ ᠲᠤᠬᠠᠢ ᠳ᠋ᠤᠨᠢ ᠬᠠᠷᠢᠭᠤ ᠲᠤᠰᠬᠠᠬᠤ ᠶᠢ ᠰᠠᠢ᠌ᠳ᠋ᠤᠷ ᠬᠢᠪᠡ᠃ ᠠᠷᠠᠳ ᠤᠨ ᠲᠦ᠋ᠯᠤᠭᠡᠯᠡᠭ᠍ᠴᠢ ᠶᠢᠨ ᠪᠢᠯᠸᠲ ᠦᠭ᠍ᠴᠦ ᠪᠠᠳ᠋ᠤᠯᠠᠬᠤ ᠲᠦ᠋ᠷᠢᠮ ᠤᠨ ᠠᠵᠢᠯ ᠢ ᠡᠯ᠎ᠠ ᠰᠤᠮᠤ ᠪᠠᠯᠭᠠᠰᠤ (ᠵᠡᠭᠡᠯᠢ ᠭᠤᠳ᠋ᠤᠮᠵᠢ)ᠵᠢᠨ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠠᠵᠢᠯ ᠢ ᠵᠢᠯᠤᠭᠤᠳᠬᠤ ᠶᠢᠨ ᠴᠢᠬᠤᠯᠠ ᠠᠭᠤᠯᠭ᠎ᠠ ᠪᠤᠯᠭᠠᠵᠤ᠂ ᠰᠤᠩᠭ᠋ᠤᠭᠤᠯᠢ ᠶᠢᠨ ᠶᠠᠪᠤᠳ᠋ᠠᠯ ᠤᠨ ᠬᠠᠷᠢᠯᠴᠠᠬᠤ ᠠᠵᠢᠯ ᠤᠨ ᠵᠦ᠋ᠪᠯᠡᠯ ᠲᠦ᠋ᠷᠦᠭᠦᠯᠡᠨ᠂ ᠪᠤᠰᠤᠳ ᠠᠵᠢᠯ ᠤᠨ ᠵᠦ᠋ᠪᠯᠡᠯ ᠪᠠ ᠠᠯᠪᠠᠨ ᠭᠡᠷ ᠡᠴᠡ ᠲᠤᠬᠠᠢ᠌ᠯᠠᠭᠰᠠᠨ ᠠᠵᠢᠯ ᠤᠨ ᠵᠢᠯᠤᠭᠤᠳ᠋ᠤᠯᠭ᠎ᠠ ᠬᠢᠬᠦ ᠶᠢ ᠬᠠᠷᠢᠭᠤᠴᠠᠬᠤ ᠶᠢ ᠲᠤᠳ᠋ᠤᠷᠬᠠᠢ᠌ᠯᠠᠬᠤ ᠶᠢᠨ ᠬᠠᠮᠳ᠋ᠤ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠤᠳ᠋ᠤᠷᠢᠳ᠋ᠤᠯᠭ᠎ᠠ ᠦᠨᠳ᠋ᠦᠰᠦᠨ ᠱᠠᠳ᠋ᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠠᠵᠢᠯ ᠢ ᠲᠠᠭᠠᠭᠠᠴᠢᠯᠠᠨ ᠬᠠᠷᠢᠯᠴᠠᠬᠤ ᠶᠢᠨ ᠲᠠᠭᠠᠤ᠂ ᠦᠨᠳ᠋ᠤᠰᠤᠨ ᠱᠠᠳ᠋ᠤᠨ ᠤ ᠠᠷᠠᠳ ᠤᠨ ᠲᠦ᠋ᠯᠤᠭᠡᠯᠡᠭ᠍ᠴᠢ ᠶᠢᠨ ᠪᠢᠯᠸᠲ ᠦᠭ᠍ᠴᠦ ᠪᠠᠳ᠋ᠤᠯᠠᠬᠤ ᠲᠦ᠋ᠷᠢᠮ ᠤᠨ ᠠᠬᠢᠴᠡ ᠶᠢ ᠴᠠᠭ ᠲᠤᠬᠠᠢ ᠳ᠋ᠤᠨᠢ ᠤᠢ᠌ᠯᠠᠭᠠᠵᠤ᠂ ᠮᠠᠷᠭᠤᠯᠳ᠋ᠤᠭᠠᠨ ᠲᠡᠶ ᠪᠤᠶ‍ᠦ ᠮᠠᠳ᠋ᠠᠭ ᠲᠡᠶ ᠠᠰᠠᠭᠤᠳ᠋ᠠᠯ ᠢ ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠶᠢᠨ ᠬᠤᠷᠠᠯ ᠳᠤ ᠲᠠᠮᠵᠢᠭᠤᠯᠤᠨ ᠲᠤᠰᠢᠶᠠᠵᠤ ᠲᠠᠷᠤᠢ ᠳ᠋ᠤᠨᠢ ᠰᠤᠳ᠋ᠤᠯᠤᠨ ᠶᠠᠷᠢᠯᠴᠠᠭᠤᠯᠵᠤ᠂  ᠲᠠᠷᠤᠢ ᠳ᠋ᠤᠨᠢ ᠵᠢᠯᠤᠭᠤᠳ᠋ᠤᠨ᠂ ᠪᠤᠳ᠋ᠠᠳ᠋ᠠᠢ ᠬᠦᠴᠢᠷᠳ᠋ᠡᠯ ᠢ ᠦᠨᠡᠨ ᠬᠦ ᠰᠢ᠌ᠳᠪᠦᠷᠢᠯᠡᠬᠦ ᠶᠢ ᠱᠠᠭᠠᠷᠳ᠋ᠠᠪᠠ᠃ᠦᠷ᠎ᠠ ᠳ᠋ᠦ᠋ᠩ ᠢ ᠴᠢᠬᠤᠯᠠᠴᠢᠯᠠᠵᠤ᠂ ᠪᠤᠳ᠋ᠠᠳ᠋ᠤ ᠠᠮᠵᠢᠯᠳ᠋ᠠ ᠤᠯᠬᠤ ᠶᠢ ᠱᠠᠭᠠᠷᠳ᠋ᠠᠪᠠ᠃ ᠬᠢᠨᠠᠯᠳ᠋ᠠ ᠲᠠᠯᠪᠢᠬᠤ ᠠᠵᠢᠯ ᠤᠨ ᠲᠤᠭᠳ᠋ᠠᠴᠠ ᠶᠢ ᠲᠠᠬᠦᠯᠳ᠋ᠡᠷᠵᠢᠬᠦᠯᠵᠤ᠂ ᠪᠠᠢ᠌ᠩᠭ᠋ᠤ ᠶᠢᠨ ᠬᠤᠷᠢᠶᠠᠨ ᠤ ᠬᠤᠯᠪᠤᠭᠳ᠋ᠠᠯ ᠪᠦᠬᠦᠢ ᠠᠵᠢᠯ ᠤᠨ ᠵᠦ᠋ᠪᠯᠡᠯ ᠡᠴᠡ ᠡᠯ᠎ᠠ ᠲᠦ᠋ᠯᠤᠭᠡᠯᠡᠭ᠍ᠴᠢ ᠶᠢᠨ ᠪᠠᠭ᠎ᠠ ᠲᠤᠭᠤᠢ᠌ᠯᠠᠩ ᠪᠠ ᠬᠡᠰᠡᠭ᠌ ᠬᠤᠳ᠋ᠠ ᠶᠢᠨ ᠱᠠᠳ᠋ᠤᠨ ᠤ ᠠᠷᠠᠳ ᠤᠨ ᠲᠦ᠋ᠯᠦᠭᠡᠯᠡᠭ᠍ᠴᠢ ᠶᠢ ᠵᠤᠬᠢᠶᠠᠨ ᠪᠠᠢ᠌ᠭᠤᠯᠵᠤ ᠲᠤᠰᠬᠠᠢ ᠬᠢᠨᠠᠯᠳ᠋ᠠ ᠲᠠᠯᠪᠢᠬᠤ ᠲᠤᠭᠤᠢ᠌ᠯᠠᠩ ᠪᠠᠢ᠌ᠭᠤᠯᠵᠤ᠂ ᠬᠠᠮᠢᠶ᠎ᠠ ᠪᠦᠬᠦᠢ ᠲᠦ᠋ᠷᠦᠭᠦᠯᠡᠨ ᠬᠡᠷᠡᠭ᠍ᠵᠢᠭᠦᠯᠬᠦ ᠪᠠᠢ᠌ᠭᠤᠯᠭ᠎ᠠ ᠲᠡᠶ ᠬᠠᠷᠢᠯᠴᠠᠵᠤ᠂ ᠤᠯᠠᠷᠢᠯ ᠪᠦᠷᠢ ᠬᠠᠮᠤᠭ ᠪᠠᠭ᠎ᠠ ᠳᠠᠭᠠᠨ ᠨᠢᠭᠡ ᠤᠳ᠋ᠠᠭ᠎ᠠ ᠪᠠᠢ᠌ᠴᠠᠭᠠᠨ ᠦᠵᠡᠬᠦ᠂ ᠪᠠᠢ᠌ᠴᠠᠭᠠᠯᠳ᠋ᠠ ᠬᠢᠬᠦ ᠵᠡᠷᠭᠡ ᠬᠢᠨᠠᠯᠳ᠋ᠠ ᠲᠠᠯᠪᠢᠬᠤ ᠠᠵᠢᠯᠯᠠᠭ᠎ᠠ ᠦᠷᠨᠢᠭᠦᠯᠵᠦ᠂ ᠠᠵᠢᠯ ᠤᠨ ᠴᠢᠨᠠᠷ ᠰᠠᠢ᠌ᠳ᠋ᠠᠢ ᠨᠠᠢ᠌ᠳ᠋ᠠᠪᠤᠷᠢᠵᠢᠭᠤᠯᠤᠭᠳ᠋ᠠᠬᠤ ᠶᠢ ᠠᠬᠢᠭᠤᠯᠤᠨ᠂ ᠦᠨᠳ᠋ᠦᠰᠦᠨ ᠱᠠᠳ᠋ᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠲᠡᠷᠢᠭᠦᠯᠡᠭ᠍ᠴᠢᠳ ᠤᠨ ᠪᠦᠯᠬᠦᠮ ᠤᠨ ᠬᠢᠨ ᠠᠷᠠᠳ ᠤᠨ ᠠᠮᠢᠳ᠋ᠤᠷᠠᠯ ᠤᠨ ᠪᠤᠳ᠋ᠠᠳ᠋ᠤ ᠲᠦ᠋ᠷᠦᠯ ᠵᠦ᠋ᠢᠯ ᠤᠨ ᠠᠵᠢᠯᠯᠠᠭ᠎ᠠ ᠳᠤ ᠬᠢᠨᠠᠯᠳ᠋ᠠ ᠲᠠᠯᠪᠢᠬᠤ ᠶᠢ ᠵᠢᠯ ᠳᠤ 2 ᠤᠳ᠋ᠠᠭ᠎ᠠ ᠡᠴᠡ ᠪᠠᠭ᠎ᠠ ᠪᠠᠢ᠌ᠯᠭᠠᠵᠤ ᠪᠤᠯᠬᠤ ᠦᠭᠡᠶ ᠮᠦ᠋ᠷᠳ᠋ᠡᠭᠡᠨ ᠬᠢᠨᠠᠯᠳ᠋ᠠ ᠲᠠᠯᠪᠢᠬᠤ ᠶᠢ ᠲᠦ᠋ᠯᠤᠭᠡᠯᠡᠭ᠍ᠴᠢ ᠶᠢᠨ ᠪᠠᠭ᠎ᠠ ᠲᠤᠭᠤᠢ᠌ᠯᠠᠩ ᠤᠨ ᠠᠵᠢᠯᠯᠠᠭ᠎ᠠ ᠶᠢᠨ ᠲᠦ᠋ᠯᠦᠪᠯᠡᠭᠡ ᠳᠤ ᠤᠷᠤᠭᠤᠯᠵᠤ᠂ ᠬᠢᠨᠠᠯᠳ᠋ᠠ ᠲᠠᠯᠪᠢᠭᠰᠠᠨ ᠪᠠᠢ᠌ᠳ᠋ᠠᠯ ᠶᠢᠡᠨ ᠨᠠᠮ ᠵᠠᠰᠠᠭ ᠤᠨ ᠬᠠᠮᠳ᠋ᠤᠷᠠᠭᠰᠠᠨ ᠬᠤᠷᠠᠯ ᠳᠤ ᠴᠠᠭ ᠲᠤᠬᠠᠢ ᠳ᠋ᠤᠨᠢ ᠮᠡᠳ᠋ᠡᠬᠦᠯᠵᠤ ᠲᠠᠪᠰᠢᠬᠦᠯᠤᠨ᠂ ᠤᠳ᠋ᠠᠭᠠᠰᠢᠷᠠᠵᠤ ᠪᠠᠢ᠌ᠭ᠎ᠠ ᠲᠦ᠋ᠷᠦᠯ ᠵᠦ᠋ᠢᠯ ᠢ ᠲᠠᠷᠤᠢ ᠳ᠋ᠤᠨᠢ ᠠᠷᠭᠠᠴᠠᠬᠤ ᠪᠤᠳ᠋ᠤᠯᠭ᠎ᠠ ᠰᠤᠳ᠋ᠤᠯᠵᠤ᠂ ᠬᠠᠷᠠᠯᠳ᠋ᠠ ᠶᠢ ᠠᠬᠢᠭᠤᠯᠤᠨ ᠨᠠᠢ᠌ᠳ᠋ᠠᠪᠤᠷᠢᠵᠢᠭᠤᠯᠬᠤ ᠶᠢ ᠪᠠᠳ᠋ᠤᠯᠠᠬᠤ ᠶᠢ ᠱᠠᠭᠠᠷᠳ᠋ᠠᠪᠠ᠃(ᠯᠸᠢ ᠫᠠᠩ)

ᠡᠮᠦᠨᠡᠬᠢ᠄ ᠵᠠᠷᠤᠳ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢ᠍ᠶ᠎ᠠ《ᠪᠦᠭᠦᠳ᠋ᠡ ᠨᠠᠢ᠌ᠷᠠᠮᠳ᠋ᠠᠬᠤ ᠲᠤᠮᠳ᠋ᠠᠳ᠋ᠤ ᠠᠷᠠᠳ ᠤᠯᠤᠰ ᠤᠨ ᠭᠡᠨᠡᠳᠳ᠋ᠡ ᠶᠢᠨ ᠬᠡᠷᠡᠭ᠌ ᠢ ᠠᠷᠭᠠᠴᠠᠬᠤ ᠬᠠᠦᠯᠢ》 ᠵᠢ ᠬᠡᠷᠡᠭ᠍ᠵᠢ᠍ᠭᠦᠯᠦᠭ᠍ᠰᠡᠨ ᠪᠠᠢ᠌ᠳ᠋ᠠᠯ ᠤᠨ ᠲᠤᠬᠠᠢ ᠬᠠᠦᠯᠢ ᠬᠡᠷᠡᠭ᠍ᠵᠢ᠍ᠭᠦᠯᠦᠯᠳ᠋ᠡ ᠶᠢᠨ ᠪᠠᠢ᠌ᠴᠠᠭᠠᠯᠳ᠋ᠠ ᠬᠢᠪᠡ
ᠳᠠᠷᠠᠭᠠᠬᠢ᠄ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠤᠯᠠᠨ ᠵᠦ᠋ᠢᠯ ᠤᠨ ᠠᠷᠭ᠎ᠠ ᠠᠪᠴᠡᠯ ᠢ ᠵᠡᠷᠭᠡᠪᠡᠷ ᠬᠡᠷᠡᠭᠯᠡᠨ ᠪᠤᠯᠪᠠᠰᠤᠨ ᠬᠤᠳ᠋ᠠ ᠶᠢ ᠡᠭᠦᠳ᠋ᠦᠨ ᠪᠠᠢ᠌ᠭᠤᠯᠬᠤ ᠠᠵᠢᠯ ᠢ ᠯᠠᠪᠳ᠋ᠠᠭᠤᠨ ᠪᠠᠳ᠋ᠤᠳ᠋ᠠᠢ ᠦᠷᠨᠢᠭᠦᠯᠵᠦ ᠪᠠᠢ᠌ᠨ᠎ᠠ