ᠬᠤᠳ᠋ᠠ ᠶᠢᠨ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠮᠠᠨ ᠤ ᠬᠤᠰᠢᠭᠤᠨ ᠳᠤ ᠢᠷᠡᠵᠦ《ᠲᠦ᠋ᠩᠯᠢᠶᠤᠤ ᠬᠤᠳ᠋ᠠ ᠶᠢᠨ ᠬᠤᠳ᠋ᠠ ᠪᠠᠯᠭᠠᠰᠤᠨ ᠤ ᠢᠯᠴᠢ ᠬᠠᠩᠭ᠋ᠠᠬᠤ ᠲᠦ᠋ᠷᠢᠮ》᠊ᠤᠨ ᠲᠤᠬᠠᠢ ᠬᠠᠦᠯᠢ ᠲᠤᠭᠳ᠋ᠠᠭᠠᠯᠳ᠋ᠠ ᠶᠢᠨ ᠪᠠᠢ᠌ᠴᠠᠭᠠᠨ ᠰᠤᠳ᠋ᠤᠯᠤᠯᠳ᠋ᠠ ᠦᠷᠨᠢᠭᠦᠯᠪᠡ

ᠬᠤᠳ᠋ᠠ ᠪᠠᠯᠭᠠᠰᠤᠨ ᠤ ᠢᠯᠴᠢ ᠬᠠᠩᠭ᠋ᠠᠬᠤ ᠬᠠᠮᠢᠶᠠᠷᠤᠯᠳ᠋ᠠ ᠶᠢ ᠴᠢᠩᠭ᠋ᠠᠳᠬᠠᠨ᠂ ᠢᠯᠴᠢ ᠬᠠᠩᠭ᠋ᠠᠯᠳ᠋ᠠ ᠶᠢᠨ ᠬᠡᠷᠡᠭᠯᠡᠭ᠍ᠴᠢ᠂ ᠢᠯᠴᠢ ᠬᠠᠩᠭ᠋ᠠᠬᠤ ᠡᠵᠡᠩᠨᠡᠯᠳ᠋ᠡ ᠶᠢᠨ ᠠᠵᠤ ᠠᠬᠤᠢ᠌ᠯᠠᠯ ᠪᠤᠯᠤᠨ ᠢᠯᠴᠢ ᠡᠭᠦᠰᠭᠡᠭ᠍ᠴᠢ ᠦᠢᠯᠡᠳᠪᠦᠷᠢᠯᠡᠯ ᠤᠨ ᠠᠵᠤ ᠠᠬᠤᠢ᠌ᠯᠠᠯ ᠤᠨ ᠬᠠᠦᠯᠢ ᠶᠤᠰᠤᠨ ᠤ ᠡᠷᠬᠡ ᠠᠰᠢᠭ ᠶᠢ ᠬᠠᠮᠠᠭᠠᠯᠠᠵᠤ᠂ ᠬᠠᠮᠢᠶ᠎ᠠ ᠪᠦᠬᠦᠢ ᠬᠠᠦᠯᠢ ᠲᠤᠭᠳ᠋ᠠᠭᠠᠬᠤ ᠠᠬᠢᠴᠠ ᠶᠢ ᠪᠦᠳ᠋ᠦᠮᠵᠢᠳ᠋ᠠᠢ ᠠᠬᠢᠭᠤᠯᠬᠤ ᠶᠢᠨ ᠲᠦ᠋ᠯᠦᠭᠡ᠂ 5 ᠰᠠᠷ᠎ᠠ ᠶᠢᠨ 19 ᠊ᠦ ᠡᠳ᠋ᠦᠷ᠂ ᠬᠤᠳ᠋ᠠ ᠶᠢᠨ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠬᠤᠳ᠋ᠠ ᠬᠦᠳ᠋ᠡᠭᠡ ᠶᠢᠨ ᠪᠦᠳ᠋ᠦᠭᠡᠨ ᠪᠠᠢ᠌ᠭᠤᠯᠤᠯᠳ᠋ᠠ ᠪᠤᠯᠤᠨ ᠤᠷᠴᠢᠨ ᠲᠤᠭᠤᠷᠢᠨ ᠡᠬᠢ ᠪᠠᠶᠠᠯᠢᠭ ᠤᠨ ᠠᠵᠢᠯ ᠤᠨ ᠵᠦ᠋ᠪᠯᠡᠯ ᠤᠨ ᠡᠷᠬᠢᠯᠡᠭ᠍ᠴᠢ ᠊ᠹᠥ᠋ ᠿᠦ᠋ᠢ ᠡᠾᠸᠩ ᠪᠤᠯᠤᠨ ᠬᠤᠳ᠋ᠠ ᠶᠢᠨ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠦᠨᠳ᠋ᠦᠰᠦᠳ᠋ᠡᠨ ᠬᠠᠷᠢᠶᠠᠳ᠋ᠤ ᠶᠢᠨ ᠭᠠᠳ᠋ᠠᠭᠠᠳ᠋ᠤ ᠶᠠᠪᠤᠳ᠋ᠠᠯ ᠵᠢᠭᠤᠯᠴᠢᠯᠡᠯ ᠤᠨ ᠠᠵᠢᠯ ᠤᠨ ᠵᠦ᠋ᠪᠯᠡᠯ ᠤᠨ ᠡᠷᠬᠢᠯᠡᠭ᠍ᠴᠢ ᠪᠤᠤ ᠬᠠᠰ ᠨᠡᠷ ᠨᠠᠮ ᠤ ᠬᠤᠰᠢᠭᠤᠨ ᠳᠤ ᠢᠷᠡᠵᠦ《ᠲᠦ᠋ᠩᠯᠢᠶᠤᠤ ᠬᠤᠳ᠋ᠠ ᠶᠢᠨ ᠬᠤᠳ᠋ᠠ ᠪᠠᠯᠭᠠᠰᠤᠨ ᠤ ᠢᠯᠴᠢ ᠬᠠᠩᠭ᠋ᠠᠬᠤ ᠲᠦ᠋ᠷᠢᠮ》᠊ᠤᠨ ᠲᠤᠬᠠᠢ ᠬᠠᠦᠯᠢ ᠲᠤᠭᠳ᠋ᠠᠭᠠᠬᠤ ᠪᠠᠢ᠌ᠴᠠᠭᠠᠨ ᠰᠤᠳ᠋ᠤᠯᠤᠯᠳ᠋ᠠ ᠦᠷᠨᠢᠭᠦᠯᠵᠦ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠡᠳ᠋ ᠡᠷᠬᠢᠯᠡᠭ᠍ᠴᠢ ᠰᠦ᠋ᠩ ᠯᠢᠶᠠᠨ ᠡᠾᠦ᠋ᠢ᠂ ᠬᠤᠰᠢᠭᠤᠨ ᠤ ᠠᠷᠠᠳ ᠤᠨ ᠵᠠᠰᠠᠭ ᠤᠨ ᠤᠷᠳ᠋ᠤᠨ ᠤ ᠲᠡᠳ᠋ ᠬᠤᠰᠢᠭᠤᠨ ᠲᠠᠷᠤᠭ᠎ᠠ ᠸᠠᠩ ᠶᠠᠨ ᠵᠢᠶᠦ᠋ᠨ ᠵᠢᠴᠢ ᠬᠤᠳ᠋ᠠ᠂ ᠬᠤᠰᠢᠭᠤᠨ ᠤ ᠬᠠᠮᠢᠶ᠎ᠠ ᠪᠦᠬᠦᠢ ᠰᠠᠯᠠᠭ᠎ᠠ ᠮᠦ᠋ᠴᠢᠷ ᠤᠨ ᠬᠠᠷᠢᠭᠤᠴᠠᠯᠭᠠᠳ᠋ᠠᠨ ᠪᠠᠷ᠎ᠠ ᠪᠤᠯᠤᠪᠠ᠃

ᠪᠠᠢ᠌ᠴᠠᠭᠠᠨ ᠰᠤᠳ᠋ᠤᠯᠬᠤ ᠲᠤᠭᠤᠢ᠌ᠯᠠᠩ ᠤᠨ ᠬᠢᠨ ᠤᠷᠢᠳ ᠬᠤᠵᠢᠳ ᠵᠠᠷᠤᠳ ᠬᠤᠰᠢᠭᠤᠨ ᠤ ᠵᠢᠶᠠ ᠨᠸᠩ ᠢᠯᠴᠢ ᠬᠠᠩᠭ᠋ᠠᠬᠤ ᠬᠢᠵᠠᠭᠠᠷᠳ᠋ᠤ ᠬᠠᠷᠢᠭᠤᠴᠠᠯᠭᠠᠳ᠋ᠤ ᠺᠤᠮᠫᠠᠨᠢ ᠶᠢᠨ ᠪᠢᠨ ᠡᠾᠸ ᠢᠯᠴᠢ ᠬᠠᠩᠭ᠋ᠠᠬᠤ ᠦᠷᠳ᠋ᠡᠭᠡ᠂ ᠹᠸᠩ ᠬᠤᠸᠠᠩ ᠴᠸᠩ ᠰᠠᠭᠤᠭᠠᠯᠢ ᠲᠤᠭᠤᠷᠢᠭ ᠤᠨ ᠢᠯᠴᠢ ᠰᠢᠯᠵᠢᠭᠦᠯᠬᠦ ᠦᠷᠳ᠋ᠡᠭᠡᠨ ᠳᠤ ᠬᠦᠷᠴᠦ᠂ ᠲᠤᠬᠠᠢ ᠶᠢᠨ ᠭᠠᠵᠠᠷ ᠲᠤᠨᠢ ᠪᠠᠢ᠌ᠴᠠᠭᠠᠨ ᠦᠵᠡᠬᠦ᠂ ᠬᠠᠷᠢᠭᠤ ᠮᠡᠳ᠋ᠡᠭᠦᠯᠦᠯᠳ᠋ᠡ ᠶᠢ ᠰᠤᠨᠤᠰᠬᠤ᠂ ᠰᠠᠭᠤᠳ᠋ᠠᠯ ᠤᠨ ᠬᠤᠷᠠᠯ ᠬᠤᠷᠠᠯᠳ᠋ᠤᠭᠤᠯᠬᠤ ᠵᠡᠷᠭᠡ ᠬᠡᠯᠪᠡᠷᠢ ᠪᠠᠷ ᠲᠠᠮᠵᠢᠨ ᠮᠠᠨ ᠤ ᠬᠤᠰᠢᠭᠤᠨ ᠤ ᠬᠤᠳ᠋ᠠ ᠪᠠᠯᠭᠠᠰᠤᠨ ᠤ ᠢᠯᠴᠢ ᠬᠠᠩᠭ᠋ᠠᠬᠤ ᠲᠦ᠋ᠯᠦᠪᠵᠢᠭᠦᠯᠭᠡ ᠪᠠ ᠪᠦᠳ᠋ᠦᠭᠡᠨ ᠪᠠᠢ᠌ᠭᠤᠯᠤᠯᠳ᠋ᠠ ᠶᠢᠨ ᠪᠠᠢ᠌ᠳ᠋ᠠᠯ᠂ ᠬᠤᠳ᠋ᠠ ᠪᠠᠯᠭᠠᠰᠤᠨ ᠤ ᠢᠯᠴᠢ ᠬᠠᠩᠭ᠋ᠠᠬᠤ᠂ ᠢᠯᠴᠢ ᠬᠡᠷᠡᠭᠯᠡᠬᠦ ᠶᠢ ᠬᠠᠮᠢᠶᠠᠷᠴᠦ ᠪᠠᠢ᠌ᠭ᠎ᠠ ᠪᠠᠢ᠌ᠳ᠋ᠠᠯ᠂ ᠢᠯᠴᠢ ᠬᠠᠩᠭ᠋ᠠᠬᠤ ᠲᠦ᠋ᠬᠦᠭᠡᠷᠦᠮᠵᠢ ᠶᠢᠨ ᠬᠠᠷᠢᠶᠠᠯᠠᠯ ᠵᠢᠴᠢ ᠬᠠᠮᠢᠶᠠᠷᠤᠯᠳ᠋ᠠ ᠶᠢᠨ ᠪᠠᠢ᠌ᠳ᠋ᠠᠯ ᠢ ᠨᠠᠷᠢᠨ ᠤᠢ᠌ᠯᠠᠭᠠᠬᠤ ᠶᠢᠨ ᠬᠠᠮᠳ᠋ᠤ᠂ ᠬᠤᠳ᠋ᠠ ᠪᠠᠯᠭᠠᠰᠤᠨ ᠤ ᠢᠯᠴᠢ ᠬᠠᠩᠭ᠋ᠠᠬᠤ ᠶᠠᠪᠤᠴᠠ ᠳᠤ ᠤᠷᠤᠰᠢᠵᠤ ᠪᠠᠢ᠌ᠬᠤ ᠠᠰᠠᠭᠤᠳ᠋ᠠᠯ ᠳᠤ ᠰᠠᠨᠠᠯ ᠰᠠᠨᠠᠭᠤᠯᠭ᠎ᠠ ᠲᠤᠷᠠᠳᠪᠠ᠃

ᠬᠠᠦᠯᠢ ᠲᠤᠭᠳ᠋ᠠᠭᠠᠬᠤ ᠪᠠᠢ᠌ᠴᠠᠭᠠᠨ ᠰᠤᠳ᠋ᠤᠯᠬᠤ ᠲᠤᠭᠤᠢ᠌ᠯᠠᠩ ᠤᠨ ᠬᠢᠨ ᠡᠴᠡ᠂ ᠵᠠᠷᠤᠳ ᠬᠤᠰᠢᠭᠤ ᠬᠠᠷᠢᠭᠤᠴᠠᠯᠭ᠎ᠠ ᠡᠭᠦᠷᠭᠡᠯᠡᠯ ᠶᠢᠡᠨ ᠴᠢᠩᠭ᠋ᠠᠳᠬᠠᠨ᠂ ᠢᠳ᠋ᠡᠪᠬᠢᠳ᠋ᠠᠢ ᠲᠡᠶ ᠠᠵᠢᠯᠯᠠᠵᠤ᠂ ᠪᠦᠬᠦ ᠰᠡᠳᠭᠢᠯ ᠪᠦᠬᠦ ᠵᠤᠷᠢᠭ ᠶᠢᠡᠷ ᠶᠢᠡᠨ ᠲᠤᠰ ᠲᠦ᠋ᠷᠢᠮ ᠤᠨ ᠲᠠᠷᠠᠭᠠᠴᠢ ᠶᠢᠨ ᠠᠯᠬᠤᠮ ᠤᠨ ᠬᠠᠦᠯᠢ ᠲᠤᠭᠳ᠋ᠠᠭᠠᠬᠤ ᠠᠵᠢᠯ ᠢ ᠴᠢᠷᠮᠠᠢ᠌ᠨ ᠰᠠᠢ᠌ᠳ᠋ᠤᠷ ᠬᠢᠵᠦ᠂ ᠤᠷᠤᠰᠢᠵᠤ ᠪᠠᠢ᠌ᠭ᠎ᠠ ᠲᠤᠪᠤᠢ᠌ᠮ᠎ᠠ ᠠᠰᠠᠭᠤᠳ᠋ᠠᠯ ᠢ ᠰᠢ᠌ᠳᠪᠦᠷᠢᠯᠡᠬᠦ ᠳᠤ ᠠᠩᠬᠠᠷᠤᠯ ᠶᠢᠡᠨ ᠲᠦ᠋ᠪᠯᠡᠷᠡᠭᠦᠯᠦᠨ᠂ ᠬᠦᠮᠦᠨ ᠶᠢᠡᠷ ᠦᠨᠳ᠋ᠦᠰᠦ ᠪᠤᠯᠭᠠᠬᠤ ᠶᠢ ᠪᠠᠷᠢᠮᠳ᠋ᠠᠯᠠᠵᠤ᠂ ᠤᠯᠠᠨ ᠲᠦ᠋ᠮᠡᠨ ᠤ ᠲᠤᠰᠬᠠᠯ ᠴᠢᠩᠭ᠎ᠠ ᠪᠠᠢ᠌ᠭ᠎ᠠ ᠠᠰᠠᠭᠤᠳ᠋ᠠᠯ ᠲᠡᠭᠡᠷ᠎ᠠ ᠬᠦᠴᠦ ᠪᠠᠨ ᠭᠤᠤᠯᠳ᠋ᠠᠯᠭ᠎ᠠ ᠲᠡᠶ ᠪᠠᠷ ᠲᠠᠯᠪᠢᠨ᠂ ᠤᠷᠤᠨ ᠨᠤᠳ᠋ᠤᠭ ᠤᠨ ᠬᠠᠦᠯᠢ ᠲᠤᠭᠳ᠋ᠠᠭᠠᠯᠳ᠋ᠠ ᠶᠢᠨ ᠲᠤᠭᠳ᠋ᠠᠵᠤ ᠲᠡᠢ᠌ᠯᠬᠦ᠂ ᠶᠠᠪᠤᠭᠳ᠋ᠠᠵᠤ ᠲᠡᠢ᠌ᠯᠬᠦ᠂ ᠦᠨᠡᠨ ᠬᠦ ᠲᠤᠰᠠᠳ᠋ᠠᠢ ᠪᠠᠢ᠌ᠬᠤ ᠶᠢ ᠪᠠᠳ᠋ᠤᠯᠠᠵᠤ᠂ ᠲᠦ᠋ᠷᠢᠮ ᠤᠨ ᠢᠯᠴᠢ ᠬᠠᠩᠭ᠋ᠠᠬᠤ ᠬᠠᠮᠢᠶᠠᠷᠤᠯᠳ᠋ᠠ ᠶᠢ ᠴᠢᠩᠭ᠋ᠠᠳᠬᠠᠨ᠂ ᠢᠯᠴᠢ ᠬᠠᠩᠭ᠋ᠠᠬᠤ ᠢᠯᠴᠢ ᠬᠡᠷᠡᠭᠯᠡᠬᠦ ᠶᠢ ᠵᠢᠷᠤᠮᠵᠢᠭᠤᠯᠬᠤ ᠵᠡᠷᠭᠡ ᠲᠠᠯ᠎ᠠ ᠶᠢᠨ ᠢᠳ᠋ᠡᠪᠬᠢ ᠦᠢᠯᠡᠳ᠋ᠦᠯ ᠢ ᠭᠦᠢᠴᠡᠳ ᠪᠠᠳ᠋ᠠᠷᠠᠭᠤᠯᠵᠤ᠂ ᠬᠤᠳ᠋ᠠ ᠪᠠᠯᠭᠠᠰᠤᠨ ᠤ ᠢᠯᠴᠢ ᠬᠠᠩᠭ᠋ᠠᠬᠤ ᠦᠢᠯᠡᠰ ᠤᠨ ᠡᠷᠡᠭᠦᠯ ᠪᠦᠭᠡᠳ ᠡᠶ᠎ᠠ ᠵᠤᠬᠢᠴᠠᠩᠭ᠋ᠤᠢ ᠬᠦᠭ᠍ᠵᠢᠯᠳ᠋ᠡ ᠶᠢ ᠤᠯᠠᠮ ᠨᠢᠭᠡ ᠠᠯᠬᠤᠮ ᠠᠬᠢᠭᠤᠯᠬᠤ ᠬᠡᠷᠡᠭ᠍ᠳ᠋ᠠᠢ ᠭᠡᠵᠦ ᠴᠢᠩᠭ᠋ᠠᠳᠬᠠᠪᠠ᠃ (ᠯᠸᠢ ᠫᠠᠩ)