ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠤᠯᠠᠨ ᠵᠦ᠋ᠢᠯ ᠤᠨ ᠠᠷᠭ᠎ᠠ ᠠᠪᠴᠡᠯ ᠢ ᠵᠡᠷᠭᠡᠪᠡᠷ ᠬᠡᠷᠡᠭᠯᠡᠨ ᠪᠤᠯᠪᠠᠰᠤᠨ ᠬᠤᠳ᠋ᠠ ᠶᠢ ᠡᠭᠦᠳ᠋ᠦᠨ ᠪᠠᠢ᠌ᠭᠤᠯᠬᠤ ᠠᠵᠢᠯ ᠢ ᠯᠠᠪᠳ᠋ᠠᠭᠤᠨ ᠪᠠᠳ᠋ᠤᠳ᠋ᠠᠢ ᠦᠷᠨᠢᠭᠦᠯᠵᠦ ᠪᠠᠢ᠌ᠨ᠎ᠠ


ᠮᠠᠨ ᠤ ᠬᠤᠰᠢᠭᠤ ᠦᠪᠡᠷᠳ᠋ᠡᠭᠡᠨ ᠵᠠᠰᠠᠬᠤ ᠤᠷᠤᠨ ᠤ ᠪᠤᠯᠪᠠᠰᠤᠨ ᠬᠤᠳ᠋ᠠ ᠶᠢ ᠡᠭᠦᠳ᠋ᠦᠨ ᠪᠠᠢ᠌ᠭᠤᠯᠬᠤ ᠠᠵᠢᠯ ᠢ ᠦᠷᠨᠢᠭᠦᠯᠦᠭ᠍ᠰᠡᠨ ᠡᠴᠡ ᠨᠠᠰᠢ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠠᠯᠪᠠᠨ ᠭᠡᠷ ᠡᠯ᠎ᠠ ᠠᠵᠢᠯ ᠤᠨ ᠪᠠᠢ᠌ᠷᠢᠯᠠᠭᠤᠯᠤᠯᠳ᠋ᠠ ᠶᠢ ᠨᠠᠷᠢᠨ ᠬᠢᠨᠠᠮᠠᠭᠠᠢ ᠨᠠᠢ᠌ᠳ᠋ᠠᠪᠤᠷᠢᠵᠢᠭᠤᠯᠤᠨ᠂ ᠪᠦᠬᠦ ᠺᠠᠳ᠋ᠷ ᠠᠵᠢᠯᠳ᠋ᠡᠨ ᠢ ᠵᠤᠬᠢᠶᠠᠨ ᠪᠠᠢ᠌ᠭᠤᠯᠵᠤ《ᠪᠤᠯᠪᠠᠰᠤᠨ ᠬᠤᠳ᠋ᠠ ᠶᠢ ᠡᠭᠦᠳ᠋ᠦᠨ ᠪᠠᠢ᠌ᠭᠤᠯᠬᠤ ᠳᠤ ᠪᠢᠳ᠋ᠠ ᠬᠠᠮᠳ᠋ᠤ ᠪᠠᠷ ᠤᠷᠤᠯᠴᠠᠬᠤ》᠂《ᠰᠠᠢ᠌ᠨ ᠲᠤᠷ᠎ᠠ ᠶᠢᠨ ᠦᠢᠯᠡᠴᠢᠯᠡᠭᠡ ᠳᠤ ᠤᠷᠤᠯᠴᠡᠨ᠂ ᠪᠤᠯᠪᠠᠰᠤᠨ ᠬᠤᠳ᠋ᠠ ᠶᠢ ᠡᠭᠦᠳ᠋ᠦᠨ ᠪᠠᠢ᠌ᠭᠤᠯᠬᠤ》ᠤᠢ᠌ᠯᠠᠭᠠᠭᠳ᠋ᠠᠬᠤᠨ ᠶᠢᠡᠷ ᠪᠤᠯᠪᠠᠰᠤᠨ ᠬᠤᠳ᠋ᠠ ᠶᠢ ᠡᠭᠦᠳ᠋ᠦᠨ ᠪᠠᠢ᠌ᠭᠤᠯᠬᠤ ᠳᠤ ᠤᠷᠤᠯᠴᠡᠵᠦ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠤᠳ᠋ᠤᠷᠢᠳ᠋ᠤᠯᠭ᠎ᠠ ᠲᠦ᠋ᠷᠦᠭᠦᠯᠡᠨ ᠠᠳᠬᠤᠨ᠂ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠭᠤᠯᠭ᠎ᠠ ᠶᠢᠨ ᠪᠦᠬᠦ ᠺᠠᠳ᠋ᠷ ᠠᠵᠢᠯᠳ᠋ᠡᠨ ᠪᠦᠭᠦᠳ᠋ᠡᠭᠡᠷ ᠤᠷᠤᠯᠴᠠᠵᠤ᠂ ᠲᠠᠭᠠᠭᠠᠴᠢᠯᠠᠭᠰᠠᠨ ᠨᠡᠢ᠌ᠭᠡᠮ ᠲᠤᠭᠤᠷᠢᠭ ᠪᠠ ᠬᠠᠷᠢᠭᠤᠴᠠᠯᠭᠠᠳ᠋ᠤ ᠲᠤᠭᠤᠷᠢᠭ ᠤᠨ ᠪᠤᠯᠪᠠᠰᠤᠨ ᠬᠤᠳ᠋ᠠ ᠶᠢ ᠡᠭᠦᠳ᠋ᠦᠨ ᠪᠠᠢ᠌ᠭᠤᠯᠬᠤ ᠠᠵᠢᠯ ᠢ ᠨᠠᠷᠢᠨ ᠬᠢᠨᠠᠮᠠᠭᠠᠢ ᠦᠨᠳ᠋ᠦᠷ ᠪᠦᠳ᠋ᠦᠮᠵᠢᠳ᠋ᠠᠢ ᠠᠬᠢᠭᠤᠯᠪᠠ᠃



ᠬᠠᠨ ᠠᠭᠤᠯᠠ ᠵᠡᠭᠡᠯᠡᠢ ᠶᠢᠨ ᠬᠤᠪᠢᠶᠠᠷᠯᠠᠯᠳ᠋ᠠ ᠶᠢᠨ ᠬᠡᠰᠡᠭ᠌ ᠪᠠ ᠯᠦ᠋ᠪᠸᠢ ᠪᠠᠯᠭᠠᠰᠤᠨ ᠤ ᠮᠸᠩ ᠶᠤᠸᠠᠨ ᠰᠦ᠋ ᠶᠢᠨ ᠦᠷᠳ᠋ᠡᠭᠡ ᠶᠢᠨ ᠰᠠᠭᠤᠭᠠᠯᠢ ᠲᠤᠭᠤᠷᠢᠭ ᠤᠨ ᠬᠤᠪᠢᠶᠠᠷᠯᠠᠯᠳ᠋ᠠ ᠶᠢᠨ ᠬᠡᠰᠡᠭ᠌ ᠲᠤ ᠬᠤᠳ᠋ᠠ ᠶᠢᠨ ᠲᠤᠭᠤᠷᠢᠭ ᠤᠨ ᠤᠷᠴᠢᠨ ᠲᠤᠭᠤᠷᠢᠨ ᠤ ᠡᠷᠡᠭᠦᠯ ᠬᠠᠮᠠᠭᠠᠯᠠᠯ ᠤᠨ ᠲᠤᠰᠬᠠᠢ ᠴᠡᠭ᠍ᠴᠡᠯᠡᠨ ᠵᠠᠰᠠᠬᠤ ᠠᠵᠢᠯᠯᠠᠭ᠎ᠠ ᠦᠷᠨᠢᠭᠦᠯᠦᠨ᠂ ᠬᠠᠷᠢᠭᠤᠴᠠᠯᠭ᠎ᠠ ᠶᠢᠨ ᠲᠤᠭᠤᠷᠢᠭ ᠤᠨ ᠤᠷᠴᠢᠨ ᠲᠤᠭᠤᠷᠢᠨ ᠤ ᠡᠷᠡᠭᠦᠯ ᠬᠠᠮᠠᠭᠠᠯᠠᠯ ᠢ ᠴᠡᠭ᠍ᠴᠡᠯᠡᠨ ᠵᠠᠰᠠᠬᠤ ᠡᠷᠴᠢᠮ ᠢ ᠤᠯᠠᠮ ᠨᠢᠭᠡ ᠠᠯᠬᠤᠮ ᠴᠢᠩᠭ᠋ᠠᠷᠠᠭᠤᠯᠵᠤ᠂ ᠴᠡᠪᠡᠷ ᠲᠡᠭ᠍ᠰᠢ᠂ ᠡᠮᠬᠢ ᠵᠢᠷᠤᠮ ᠲᠡᠶ ᠬᠤᠳ᠋ᠠ ᠪᠠᠯᠭᠠᠰᠤᠨ ᠤ ᠤᠷᠴᠢᠨ ᠲᠤᠭᠤᠷᠢᠨ ᠢ ᠴᠢᠷᠮᠠᠢ᠌ᠨ ᠡᠭᠦᠳ᠋ᠦᠪᠡ᠃



ᠤᠢ᠌ᠷ᠎ᠠ ᠶᠢᠨ ᠡᠳ᠋ᠦᠷ ᠤᠳ ᠲᠤ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠺᠠᠳ᠋ᠷ ᠠᠵᠢᠯᠳ᠋ᠡᠨ ᠪᠡᠶ᠎ᠠ ᠪᠠᠷ ᠶᠢᠡᠨ ᠬᠡᠪ ᠲᠠᠭᠤᠷᠢᠶᠠᠯ ᠦᠵᠡᠭᠦᠯᠦᠨ᠂ ᠦᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠤᠨ ᠢᠳ᠋ᠡᠪᠬᠢᠵᠢᠯ ᠢ ᠲᠠᠢ᠌ᠴᠢᠯᠠᠵᠤ᠂ ᠪᠠᠢ᠌ᠭᠤᠯᠭ᠎ᠠ ᠶᠢᠨ ᠤᠷᠴᠢᠨ ᠲᠤᠭᠤᠷᠢᠨ ᠢ ᠰᠢᠯᠢᠳ᠋ᠡᠭ᠍ᠵᠢᠭᠦᠯᠦᠨ᠂ ᠲᠦ᠋ᠷᠰᠦ ᠪᠠᠢ᠌ᠳ᠋ᠠᠯ ᠢ ᠲᠠᠬᠢᠨ ᠲᠡᠭᠡᠭ᠍ᠰᠢᠯᠡᠭᠦᠯᠵᠦ᠂ ᠴᠢᠳ᠋ᠠᠮᠵᠢ ᠶᠢ ᠲᠠᠬᠢᠨ ᠲᠡᠭᠦᠯᠳ᠋ᠡᠷᠵᠢᠭᠦᠯᠦᠨ᠂ ᠪᠤᠯᠪᠠᠰᠤᠨ ᠢ ᠲᠠᠬᠢᠨ ᠲᠡᠭᠡᠭ᠍ᠰᠢᠯᠡᠭᠦᠯᠵᠦ᠂ ᠬᠤᠳ᠋ᠠ ᠶᠢᠨ ᠪᠠᠢ᠌ᠭᠤᠯᠤᠯᠳ᠋ᠠ ᠶᠢᠨ ᠠᠵᠢᠯ ᠳᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠬᠦᠴᠦᠨ ᠴᠢᠳ᠋ᠠᠯ ᠶᠢᠡᠨ ᠡᠷᠭᠦᠪᠡ᠃ (ᠯᠸᠢ ᠫᠠᠩ)