ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢᠯ ᠤᠨ ᠲᠤᠰᠬᠠᠢ ᠰᠡᠳ᠋ᠦᠪᠳ᠋ᠦ ᠨᠠᠮ ᠤᠨ ᠬᠢᠴᠢᠶᠡᠯᠯᠡᠭᠡ ᠦᠷᠨᠢᠭᠦᠯᠪᠠ


ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢᠯ ᠢ ᠭᠦᠨᠵᠡᠭᠡᠢ ᠦᠷᠨᠢᠭᠦᠯᠦᠨ᠂ ᠪᠦᠬᠦ ᠬᠤᠰᠢᠭᠤᠨ ᠤ ᠲᠠᠪᠤᠨ ᠱᠠᠳ᠋ᠤᠨ ᠤ ᠠᠷᠠᠳ ᠤᠨ ᠲᠦ᠋ᠯᠦᠭᠡᠯᠡᠭ᠍ᠴᠢ ᠵᠢᠴᠢ ᠪᠠᠢ᠌ᠭᠤᠯᠭ᠎ᠠ ᠶᠢᠨ ᠨᠠᠮ ᠤᠨ ᠭᠡᠰᠢᠭᠦᠳ ᠤᠨ ᠨᠠᠮ ᠤᠨ ᠲᠡᠦᠬᠡ ᠶᠢ ᠰᠤᠷᠤᠯᠴᠠᠬᠤ ᠤᠯᠤᠰ ᠲᠦ᠋ᠷᠦ ᠶᠢᠨ ᠤᠬᠠᠮᠰᠡᠷ᠂ ᠦᠵᠡᠯ ᠰᠠᠨᠠᠭᠠᠨ ᠤ ᠤᠬᠠᠮᠰᠡᠷ ᠪᠠ ᠦᠢᠯᠡ ᠠᠵᠢᠯᠯᠠᠭᠠᠨ ᠤ ᠤᠬᠠᠮᠰᠡᠷ ᠢ ᠤᠯᠠᠮ ᠨᠢᠭᠡ ᠠᠯᠬᠤᠮ ᠴᠢᠩᠭ᠋ᠠᠳᠬᠠᠬᠤ ᠶᠢᠨ ᠲᠦ᠋ᠯᠦᠭᠡ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠪᠦᠬᠦ ᠬᠤᠰᠢᠭᠤᠨ ᠤ ᠲᠠᠪᠤᠨ ᠱᠠᠳ᠋ᠤᠨ ᠤ ᠠᠷᠠᠳ ᠤᠨ ᠲᠦ᠋ᠯᠦᠭᠡᠯᠡᠭ᠍ᠴᠢ ᠵᠢᠴᠢ ᠠᠷᠠᠳ ᠤᠨ ᠲᠦ᠋ᠯᠦᠭᠡᠯᠡᠭ᠍ᠴᠢᠳ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢᠯ ᠤᠨ ᠲᠤᠰᠬᠠᠢ ᠰᠡᠳ᠋ᠦᠪᠳ᠋ᠦ ᠨᠠᠮ ᠤᠨ ᠬᠢᠴᠢᠶᠡᠯᠯᠡᠭᠡ ᠦᠷᠨᠢᠭᠦᠯᠵᠦ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠡᠳ᠋ ᠡᠷᠬᠢᠯᠡᠭ᠍ᠴᠢ ᠰᠦ᠋ᠩ ᠯᠢᠶᠠᠨ ᠡᠾᠦ᠋ᠢ ᠤᠷᠤᠯᠴᠠᠬᠤ ᠶᠢᠨ ᠬᠠᠮᠳ᠋ᠤ ᠬᠤᠷᠠᠯ ᠡᠷᠬᠢᠯᠡᠨ᠂ ᠪᠦᠬᠦ ᠬᠤᠰᠢᠭᠤᠨ ᠤ ᠡᠯ᠎ᠠ ᠱᠠᠳ᠋ᠤᠨ ᠤ ᠠᠷᠠᠳ ᠤᠨ ᠲᠦ᠋ᠯᠦᠭᠡᠯᠡᠭ᠍ᠴᠢ ᠪᠤᠯᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠭᠡᠰᠢᠭᠦᠨ ᠺᠠᠳ᠋ᠷᠴᠤᠳ ᠤᠷᠤᠯᠴᠠᠪᠠ᠃


ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠭᠦᠸᠸ ᠰᠢᠶᠤᠤ ᠴᠢᠶᠠᠨ ᠪᠠᠭᠰᠢ《ᠵᠠᠭᠤᠨ ᠵᠢᠯ ᠤᠨ ᠲᠤᠷᠰᠢ ᠵᠠᠯᠠᠭᠤ ᠨᠠᠰᠤ ᠪᠠᠨ ᠡᠷᠭᠢᠴᠡᠭᠦᠯᠦᠶᠠ》ᠭᠡᠬᠦ ᠰᠡᠳ᠋ᠦᠪ ᠶᠢᠡᠷ᠂ ᠵᠠᠯᠠᠭᠤ ᠨᠠᠰᠤᠨ ᠤ ᠤᠯᠠ ᠮᠦ᠋ᠷ᠂ ᠵᠠᠯᠠᠭᠤ ᠨᠠᠰᠤᠨ ᠤ ᠨᠢᠭᠤᠴᠠ ᠨᠤᠮᠸᠷ᠂ ᠵᠠᠯᠠᠭᠤ ᠨᠠᠰᠤᠨ ᠤ ᠰᠢᠯᠦᠭ᠌ ᠲᠠᠭᠤᠯᠠᠯ ᠤᠨ ᠲᠤᠭᠤᠷᠢᠨ ᠳᠤ᠂ ᠲᠤᠮᠳ᠋ᠠᠳ᠋ᠤ ᠤᠯᠤᠰ ᠤᠨ ᠡᠪ ᠬᠠᠮᠳ᠋ᠤ ᠨᠠᠮ ᠤᠨ ᠰᠢᠷᠭᠠᠭᠤ ᠬᠠᠳ᠋ᠠᠭᠤᠵᠢᠯᠳ᠋ᠠᠢ ᠲᠡᠮᠡᠴᠡᠭ᠍ᠰᠡᠨ ᠲᠡᠦᠬᠡ ᠶᠢ ᠭᠦᠨᠵᠡᠭᠡᠢ ᠲᠤᠳ᠋ᠤᠷᠬᠠᠢ᠌ᠯᠡᠨ ᠦᠭᠦᠯᠡᠵᠦ᠂ ᠲᠤᠮᠳ᠋ᠠᠳ᠋ᠤ ᠤᠯᠤᠰ ᠤᠨ ᠡᠪ ᠬᠠᠮᠳ᠋ᠤ ᠨᠠᠮ ᠤᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠶᠢᠨ ᠲᠤᠭᠤᠷᠢᠨ ᠳᠤ ᠡᠷᠡᠮᠡᠭᠡᠢ᠌ᠯᠡᠨ ᠲᠡᠮᠡᠴᠡᠭ᠍ᠰᠡᠨ ᠠᠭᠤᠤ ᠶᠡᠬᠡ ᠲᠡᠦᠬᠡᠨ ᠶᠠᠪᠤᠴᠠ ᠶᠢ ᠡᠷᠭᠢᠴᠡᠭᠦᠯᠦᠨ᠂ ᠲᠤᠮᠳ᠋ᠠᠳ᠋ᠤ ᠤᠯᠤᠰ ᠤᠨ ᠡᠪ ᠬᠠᠮᠳ᠋ᠤ ᠨᠠᠮ ᠤᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠦᠢᠯᠡᠳ᠋ᠦᠯᠭᠡᠵᠢᠭᠦᠯᠵᠦ ᠠᠷᠠᠳ ᠲᠦ᠋ᠮᠡᠨ ᠳᠤ ᠵᠤᠯ ᠵᠢᠷᠭᠠᠯ ᠡᠳ᠋ᠯᠡᠭᠦᠯᠵᠦ ᠦᠨᠳ᠋ᠦᠰᠦᠳ᠋ᠡᠨ ᠤ ᠰᠡᠷᠭᠦᠨ ᠮᠠᠨᠳ᠋ᠤᠯᠳ᠋ᠠ ᠶᠢ ᠪᠡᠶᠡᠯᠡᠭᠦᠯᠬᠦ ᠶᠢᠨ ᠲᠦ᠋ᠯᠦᠭᠡ ᠤᠯᠤᠭᠰᠠᠨ ᠭᠡᠷᠡᠯ ᠰᠠᠴᠤᠷᠠᠩᠭ᠋ᠤᠢ ᠠᠮᠵᠢᠯᠳ᠋ᠡ ᠶᠢ ᠲᠤᠭᠠᠴᠢᠵᠤ᠂ ᠤᠯᠠᠨ ᠳᠤ ᠭᠤᠢ᠌ᠳ᠋ᠠ ᠰᠠᠢ᠌ᠬᠠᠨ ᠨᠠᠮ ᠤᠨ ᠲᠡᠦᠬᠡ ᠶᠢᠨ ᠬᠢᠴᠢᠶᠡᠯ ᠤᠷᠤᠪᠠ᠃


ᠨᠠᠮ ᠤᠨ ᠲᠡᠦᠬᠡ ᠶᠢᠨ ᠬᠢᠴᠢᠶᠡᠯ ᠲᠠᠭᠤᠰᠤᠭᠰᠠᠨ ᠤ ᠲᠠᠷᠠᠭ᠎ᠠ᠂ ᠰᠦ᠋ᠩ ᠯᠢᠶᠠᠨ ᠡᠾᠦ᠋ᠢ ᠡᠴᠡ ᠪᠦᠬᠦ ᠬᠤᠰᠢᠭᠤᠨ ᠤ ᠡᠯ᠎ᠠ ᠱᠠᠳ᠋ᠤᠨ ᠤ ᠠᠷᠠᠳ ᠤᠨ ᠲᠦ᠋ᠯᠦᠭᠡᠯᠡᠭ᠍ᠴᠢ ᠪᠠ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠪᠦᠬᠦ ᠨᠠᠮ ᠤᠨ ᠭᠡᠰᠢᠭᠦᠨ ᠺᠠᠳ᠋ᠷᠴᠤᠳ ᠨᠠᠮ ᠤᠨ ᠲᠡᠦᠬᠡ ᠶᠢ ᠰᠤᠷᠤᠯᠴᠠᠬᠤ ᠶᠢ ᠴᠢᠬᠤᠯᠠ ᠤᠯᠤᠰ ᠲᠦ᠋ᠷᠦ ᠶᠢᠨ ᠡᠭᠦᠷᠭᠡ ᠪᠤᠯᠭᠠᠨ᠂ ᠨᠠᠮ ᠤᠨ ᠲᠡᠦᠬᠡ ᠶᠢ ᠰᠤᠷᠤᠯᠴᠠᠵᠤ᠂ ᠦᠵᠡᠯ ᠰᠠᠨᠠᠭ᠎ᠠ ᠪᠠᠨ ᠰᠡᠭᠡᠭᠡᠷᠡᠭᠦᠯᠦᠨ᠂ ᠪᠤᠳ᠋ᠠᠳ᠋ᠤ ᠶᠠᠪᠤᠳ᠋ᠠᠯ ᠬᠢᠵᠦ᠂ ᠰᠢᠨ᠎ᠠ ᠪᠠᠢ᠌ᠳ᠋ᠠᠯ ᠢ ᠡᠭᠦᠳᠬᠦ ᠶᠢ ᠨᠠᠷᠢᠨ ᠬᠢᠨᠠᠮᠠᠭᠠᠢ ᠨᠠᠢ᠌ᠳ᠋ᠠᠪᠤᠷᠢᠵᠢᠭᠤᠯᠵᠤ᠂ ᠰᠠᠭᠤᠭ᠎ᠠ ᠰᠠᠯᠠᠭ᠎ᠠ ᠮᠦ᠋ᠴᠢᠷ ᠪᠠ ᠭᠠᠵᠠᠷ ᠤᠷᠤᠨ ᠤ ᠨᠠᠮ ᠤᠨ ᠬᠤᠷᠢᠶ᠎ᠠ (ᠨᠠᠮ ᠤᠨ ᠤᠳ᠋ᠤᠷᠢᠳᠬᠤ ᠲᠤᠭᠤᠢ᠌ᠯᠠᠩ) ᠵᠢᠴᠢ ᠨᠠᠮ ᠤᠨ ᠡᠭᠦᠷ ᠤᠨ ᠦᠷᠨᠢᠭᠦᠯᠦᠭ᠍ᠰᠡᠨ ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢᠯ ᠳᠤ ᠢᠳ᠋ᠡᠪᠬᠢᠳ᠋ᠠᠢ ᠤᠷᠤᠯᠴᠡᠨ᠂ ᠨᠠᠮ ᠤᠨ ᠲᠡᠦᠬᠡ ᠶᠢᠨ ᠰᠤᠷᠤᠯᠴᠠᠯᠭ᠎ᠠ ᠶᠢᠨ ᠦᠷ᠎ᠠ ᠪᠦᠳ᠋ᠦᠭᠡᠯ ᠢ ᠪᠤᠳ᠋ᠠᠳ᠋ᠤ ᠠᠵᠢᠯ ᠬᠢᠬᠦ᠂ ᠪᠤᠳ᠋ᠠᠳ᠋ᠤ ᠠᠵᠢᠯ ᠪᠦᠳ᠋ᠦᠭᠡᠬᠦ ᠬᠦᠳ᠋ᠡᠯᠭᠡᠬᠦ ᠬᠦᠴᠦᠨ ᠪᠤᠯᠭᠠᠨ ᠬᠤᠪᠢᠷᠠᠭᠤᠯᠵᠤ᠂ ᠲᠤᠰ ᠪᠡᠶ᠎ᠠ ᠶᠢᠨ ᠠᠵᠢᠯ ᠤᠨ ᠪᠤᠳ᠋ᠠᠳ᠋ᠤ ᠪᠠᠢ᠌ᠳ᠋ᠠᠯ ᠲᠡᠶ ᠤᠶᠠᠯᠳ᠋ᠤᠭᠤᠯᠤᠨ᠂ ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢᠯ ᠢ ᠭᠦᠨᠵᠡᠭᠡᠢ᠌ᠷᠡᠭᠦᠯᠬᠦ᠂ ᠪᠤᠳ᠋ᠠᠳ᠋ᠠᠢ᠌ᠵᠢᠭᠤᠯᠬᠤ᠂ ᠰᠡᠳᠭᠢᠯ ᠳᠡᠭᠡᠨ ᠬᠠᠳ᠋ᠠᠩᠰᠢᠭᠤᠯᠬᠤ ᠶᠢ ᠪᠦᠬᠦ ᠬᠦᠴᠦᠨ ᠶᠢᠡᠷ ᠠᠬᠢᠭᠤᠯᠵᠤ᠂ ᠰᠢᠯᠢᠳ᠋ᠡᠭ᠌ ᠠᠮᠵᠢᠯᠳ᠋ᠡ ᠪᠠᠷ ᠲᠤᠮᠳ᠋ᠠᠳ᠋ᠤ ᠤᠯᠤᠰ ᠤᠨ ᠡᠪ ᠬᠠᠮᠳ᠋ᠤ ᠨᠠᠮ ᠪᠠᠢ᠌ᠭᠤᠤᠯᠭᠳ᠋ᠠᠭᠰᠠᠨ 100 ᠵᠢᠯ ᠤᠨ ᠤᠢ ᠶᠢ ᠪᠡᠯᠭᠡᠯᠡᠬᠦ ᠬᠡᠷᠡᠭ᠍ᠳ᠋ᠠᠢ ᠭᠡᠵᠦ ᠴᠢᠬᠤᠯᠠᠴᠢᠯᠠᠪᠠ᠃ (ᠯᠸᠢ ᠫᠠᠩ)