ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢᠯ ᠢ ᠯᠠᠪᠳ᠋ᠠᠭᠤᠨ ᠪᠠᠳ᠋ᠤᠳ᠋ᠠᠢ ᠦᠷᠨᠢᠭᠦᠯᠦᠨ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠠᠵᠢᠯ ᠤᠨ ᠰᠢᠨ᠎ᠠ ᠪᠠᠢ᠌ᠳ᠋ᠠᠯ ᠢ ᠡᠭᠦᠳ᠋ᠦᠨ ᠪᠠᠢ᠌ᠭᠤᠯᠤᠶ᠎ᠠ
ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢᠯ ᠢ ᠦᠷᠨᠢᠭᠦᠯᠦᠭ᠍ᠰᠡᠨ ᠡᠴᠡ ᠨᠠᠰᠢ᠂ ᠵᠠᠷᠤᠳ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠢᠳ᠋ᠡᠪᠬᠢᠳ᠋ᠠᠢ ᠵᠤᠬᠢᠶᠠᠨ ᠪᠠᠢ᠌ᠭᠤᠯᠵᠤ᠂ ᠨᠠᠷᠢᠨ ᠨᠢᠮᠪᠠᠢ ᠪᠠᠢ᠌ᠷᠢᠯᠠᠭᠤᠯᠤᠨ᠂ ᠨᠠᠮ ᠤᠨ ᠲᠡᠦᠬᠡ ᠶᠢ ᠰᠤᠷᠤᠯᠴᠠᠵᠤ᠂ ᠦᠵᠡᠯ ᠰᠠᠨᠠᠭ᠎ᠠ ᠪᠠᠨ ᠰᠡᠭᠡᠭᠡᠷᠡᠭᠦᠯᠦᠨ᠂ ᠪᠤᠳ᠋ᠠᠳ᠋ᠤ ᠶᠠᠪᠤᠳ᠋ᠠᠯ ᠬᠢᠵᠦ᠂ ᠰᠢᠨ᠎ᠠ ᠪᠠᠢ᠌ᠳ᠋ᠠᠯ ᠢ ᠡᠭᠦᠳᠬᠦ ᠶᠢ ᠨᠠᠷᠢᠨ ᠬᠢᠨᠠᠮᠠᠭᠠᠢ ᠨᠠᠢ᠌ᠳ᠋ᠠᠪᠤᠷᠢᠵᠢᠭᠤᠯᠤᠨ᠂ ᠪᠠᠢ᠌ᠭᠤᠯᠭ᠎ᠠ ᠶᠢᠨ ᠨᠠᠮ ᠤᠨ ᠭᠡᠰᠢᠭᠦᠨ ᠺᠠᠳ᠋ᠷᠴᠤᠳ ᠢ ᠬᠦᠳ᠋ᠦᠯᠦᠨ ᠲᠠᠭᠠᠭᠤᠯᠵᠤ ᠲᠡᠦᠬᠡ ᠶᠢᠨ ᠲᠤᠮᠳ᠋ᠠ ᠡᠴᠡ ᠡᠪ ᠬᠠᠮᠳ᠋ᠤ ᠨᠠᠮ ᠤᠨ ᠭᠡᠰᠢᠭᠦᠨ ᠤ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠶᠢ ᠤᠢ᠌ᠯᠠᠭᠠᠵᠤ᠂ ᠴᠠᠭ ᠦᠶ᠎ᠠ ᠶᠢᠨ ᠬᠦᠭ᠍ᠵᠢᠯᠳ᠋ᠡ ᠶᠢᠨ ᠲᠡᠦᠬᠡᠨ ᠶᠠᠪᠤᠴᠠ ᠡᠴᠡ ᠲᠡᠦᠬᠡ ᠶᠢᠨ ᠵᠢᠮ᠎ᠠ ᠶᠤᠰᠤ ᠶᠢ ᠡᠵᠡᠮᠰᠢᠨ᠂ ᠲᠡᠷᠢᠭᠦᠨ ᠤ ᠬᠦᠮᠦᠰ ᠤᠨ ᠪᠡᠶ᠎ᠠ ᠲᠡᠭᠡᠷ᠎ᠠ ᠡᠴᠡ ᠰᠦ᠋ᠰᠦ ᠵᠤᠷᠢᠭ ᠪᠠ ᠬᠦᠴᠦᠨ ᠴᠢᠳ᠋ᠠᠯ ᠢ ᠤᠯᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢᠯ ᠤᠨ ᠲᠤᠮᠳ᠋ᠠ ᠬᠤᠰᠢᠭᠤᠴᠢᠯᠡᠨ ᠦᠯᠢᠭᠡᠷ ᠲᠠᠭᠤᠷᠢᠶᠠᠯ ᠪᠤᠯᠬᠤ ᠪᠠᠷ ᠴᠢᠷᠮᠠᠢ᠌ᠨ᠎ᠠ᠃

ᠤᠨᠤᠯ ᠶᠢᠡᠷ ᠵᠡᠪᠰᠡᠭᠯᠡᠬᠦ ᠶᠢ ᠴᠢᠩᠭ᠋ᠠᠳᠬᠠᠨ᠂ ᠰᠤᠷᠤᠯᠴᠠᠯᠭ᠎ᠠ ᠬᠦᠮᠦᠵᠢᠯ ᠤᠨ ᠭᠦᠨᠵᠡᠭᠡᠢ᠌ᠷᠡᠭᠦᠯᠬᠦ ᠶᠢ ᠠᠬᠢᠭᠤᠯᠪᠠ᠃ ᠪᠠᠢ᠌ᠩᠭ᠋ᠤ ᠶᠢᠨ ᠬᠤᠷᠢᠶᠠᠨ ᠤ ᠨᠠᠮ ᠤᠨ ᠤᠳ᠋ᠤᠷᠢᠳᠬᠤ ᠲᠤᠭᠤᠢ᠌ᠯᠠᠩ ᠪᠤᠯᠤᠨ ᠪᠠᠢ᠌ᠭᠤᠯᠭ᠎ᠠ ᠶᠢᠨ ᠨᠠᠮ ᠤᠨ ᠤᠳ᠋ᠤᠷᠢᠳᠬᠤ ᠲᠤᠭᠤᠢ᠌ᠯᠠᠩ《ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢᠯ ᠤᠨ ᠠᠵᠢᠯ ᠢ ᠦᠷᠨᠢᠭᠦᠯᠬᠦ ᠲᠦ᠋ᠰᠦᠯ》᠊ᠢ ᠴᠠᠭ ᠲᠤᠬᠠᠢ ᠳ᠋ᠤᠨᠢ ᠰᠤᠳ᠋ᠤᠯᠤᠨ ᠲᠤᠭᠳ᠋ᠠᠭᠠᠨ᠂ ᠭᠠᠷᠠᠭ ᠤᠨ ᠲᠠᠪᠤᠨ ᠤ ᠦᠳ᠋ᠡ ᠶᠢᠨ ᠬᠤᠢ᠌ᠨ᠎ᠠ ᠪᠦᠷᠢ ᠬᠠᠮᠳ᠋ᠤ ᠪᠠᠷ ᠰᠤᠷᠤᠯᠴᠠᠬᠤ ᠲᠦ᠋ᠷᠢᠮ ᠢ ᠴᠢᠩᠭ᠎ᠠ ᠬᠡᠷᠡᠭ᠍ᠵᠢᠭᠦᠯᠵᠦ᠂ ᠶᠡᠷᠦᠩᠬᠡᠢ ᠱᠦ᠋ᠵᠢ ᠰᠢ ᠵᠢᠨ ᠫᠢᠩ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢᠯ ᠤᠨ ᠲᠠᠢ᠌ᠴᠢᠯᠠᠯᠳ᠋ᠠ ᠶᠢᠨ ᠬᠤᠷᠠᠯ ᠲᠡᠭᠡᠷᠡᠬᠢ ᠶᠠᠷᠢᠶᠠᠨ ᠤ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠤᠢ᠌ᠯᠠᠭᠠᠨ᠂ ᠨᠠᠮ ᠤᠨ ᠲᠡᠦᠬᠡ ᠶᠢ ᠭᠦᠨᠵᠡᠭᠡᠢ ᠰᠤᠷᠤᠯᠴᠠᠵᠤ᠂ ᠨᠠᠮ ᠤᠨ ᠲᠡᠦᠬᠡ ᠶᠢᠨ ᠠᠭᠤᠯᠭ᠎ᠠ ᠶᠢᠨ ᠰᠦ᠋ᠯᠵᠢᠶᠡᠨ ᠲᠡᠭᠡᠷᠡᠬᠢ ᠰᠢᠯᠭᠠᠯᠳ᠋ᠠ ᠶᠢ ᠦᠷᠨᠢᠭᠦᠯᠦᠨ᠂ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠵᠢᠴᠢ ᠪᠠᠢ᠌ᠭᠤᠯᠭ᠎ᠠ ᠶᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢᠯ ᠤᠨ ᠠᠵᠢᠯ ᠢ ᠤᠷᠤᠭᠰᠢᠳ᠋ᠠᠢ ᠡᠬᠢᠯᠡᠭᠦᠯᠬᠦ᠂ ᠡᠮᠬᠢ ᠵᠢᠷᠤᠮ ᠲᠡᠶ ᠦᠷᠨᠢᠭᠦᠯᠬᠦ᠂ ᠭᠦᠨᠵᠡᠭᠡᠢ ᠠᠬᠢᠭᠤᠯᠬᠤ ᠶᠢ ᠦᠨᠡᠨ ᠬᠦ ᠪᠠᠳ᠋ᠤᠯᠠᠪᠠ᠃

ᠠᠵᠢᠯᠯᠠᠭ᠎ᠠ ᠶᠢᠨ ᠠᠴᠢᠶᠠᠯᠠᠪᠤᠷᠢ ᠶᠢᠨ ᠰᠢᠨ᠎ᠠ ᠶᠢ ᠡᠭᠦᠳ᠋ᠦᠨ᠂ ᠰᠤᠷᠤᠯᠴᠠᠯᠭ᠎ᠠ ᠬᠦᠮᠦᠵᠢᠯ ᠢ ᠬᠦᠮᠦᠰ ᠤᠨ ᠰᠡᠳᠭᠢᠯ ᠳᠤ ᠬᠠᠳ᠋ᠠᠩᠰᠢᠭᠤᠯᠪᠠ᠃ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ《ᠲᠡᠦᠬᠡ ᠶᠢ ᠰᠤᠷᠤᠯᠴᠠᠵᠤ ᠶᠤᠰᠤ ᠤᠴᠢᠷ ᠢ ᠤᠢ᠌ᠯᠠᠭᠠᠨ᠂ ᠲᠡᠦᠬᠡ ᠶᠢ ᠰᠤᠷᠤᠯᠴᠠᠵᠤ ᠢᠳ᠋ᠡᠭᠡᠯ ᠶᠢᠡᠨ ᠨᠡᠮᠡᠭ᠍ᠳ᠋ᠡᠭᠦᠯᠦᠨ᠂ ᠲᠡᠦᠬᠡ ᠶᠢ ᠰᠤᠷᠤᠯᠴᠠᠵᠤ ᠶᠤᠰᠤ ᠰᠤᠷᠳ᠋ᠠᠬᠤᠨ ᠢ ᠡᠷᠬᠢᠮᠯᠡᠨ᠂ ᠲᠡᠦᠬᠡ ᠶᠢ ᠰᠤᠷᠤᠯᠴᠠᠵᠤ ᠴᠢᠷᠮᠠᠢ᠌ᠨ ᠦᠢᠯᠡᠳ᠋ᠦᠯᠭᠡᠵᠢᠭᠦᠯᠬᠦ》ᠶᠡᠷᠦᠩᠬᠡᠢ ᠱᠠᠭᠠᠷᠳ᠋ᠠᠯᠭ᠎ᠠ ᠪᠠᠷ᠂ ᠤᠯᠠᠨ ᠶᠠᠩᠵᠤ ᠬᠡᠯᠪᠡᠷᠢ ᠶᠢᠨ ᠰᠤᠷᠤᠯᠴᠠᠬᠤ ᠠᠵᠢᠯᠯᠠᠭ᠎ᠠ ᠪᠠᠷ ᠲᠠᠮᠵᠢᠭᠤᠯᠤᠨ᠂ ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢᠯ ᠢ ᠬᠦᠮᠦᠰ ᠤᠨ ᠰᠡᠳᠭᠢᠯ ᠳᠤ ᠭᠦᠨ ᠰᠠᠭᠤᠭᠳ᠋ᠠᠭᠤᠯᠵᠠᠢ᠃

ᠡᠭᠦᠷᠭᠡ ᠬᠠᠷᠢᠭᠤᠴᠠᠯᠭ᠎ᠠ ᠪᠠᠨ ᠴᠢᠩᠭ᠋ᠠᠳᠬᠠᠨ᠂ ᠰᠤᠷᠤᠯᠴᠠᠯᠭ᠎ᠠ ᠬᠦᠮᠦᠵᠢᠯ ᠢ ᠪᠤᠳ᠋ᠠᠳ᠋ᠠᠢ᠌ᠵᠢᠭᠤᠯᠬᠤ ᠶᠢ ᠠᠬᠢᠭᠤᠯᠪᠠ᠃ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠠᠵᠢᠯ ᠤᠨ ᠪᠤᠳ᠋ᠠᠳ᠋ᠠᠢ ᠪᠠᠢ᠌ᠳ᠋ᠠᠯ ᠲᠡᠶ ᠨᠢᠭᠳ᠋ᠠ ᠤᠶᠠᠯᠳ᠋ᠤᠭᠤᠯᠤᠨ᠂ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠡᠬᠦᠷᠭᠡ ᠴᠢᠳ᠋ᠠᠪᠤᠷᠢ ᠡᠭᠦᠷᠭᠡ ᠬᠠᠷᠢᠭᠤᠴᠠᠯᠭ᠎ᠠ ᠳᠠᠭᠠᠨ ᠰᠠᠭᠤᠷᠢᠯᠠᠵᠤ᠂ ᠬᠠᠦᠯᠢ ᠴᠠᠭᠠᠵᠠ ᠬᠠᠦᠯᠢ ᠲᠤᠭᠳ᠋ᠠᠭᠠᠯ ᠢ ᠲᠤᠭᠤᠰᠢᠯᠠᠭᠤᠯᠤᠨ ᠬᠡᠷᠡᠭ᠍ᠵᠢᠭᠦᠯᠦᠭ᠍ᠰᠡᠨ ᠪᠠᠢ᠌ᠳ᠋ᠠᠯ ᠢ ᠪᠠᠢ᠌ᠴᠠᠭᠠᠬᠤ ᠬᠦᠴᠦᠯᠡᠴᠡ ᠪᠠᠨ ᠴᠢᠩᠭ᠋ᠠᠳᠬᠠᠨ᠂ ᠠᠷᠠᠳ ᠤᠯᠠᠨ ᠤ ᠬᠠᠨᠤᠮᠵᠢ ᠶᠢᠨ ᠬᠡᠮᠵᠢᠶ᠎ᠠ ᠶᠢ ᠲᠠᠰᠤᠷᠠᠯᠳ᠋ᠡ ᠦᠭᠡᠶ ᠲᠡᠭᠡᠭ᠍ᠰᠢᠯᠡᠭᠦᠯᠬᠦ ᠶᠢᠨ ᠬᠠᠮᠳ᠋ᠤ᠂《ᠵᠠᠷᠤᠳ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠲᠦ᠋ᠯᠦᠭᠡᠯᠡᠭ᠍ᠴᠢ〈ᠬᠦᠳ᠋ᠡᠭᠡ ᠲᠤᠰᠬᠤᠨ ᠢ ᠬᠦᠭ᠍ᠵᠢᠭᠦᠯᠦᠨ ᠮᠠᠨᠳ᠋ᠤᠭᠤᠯᠬᠤ ᠳᠤ ᠬᠦᠴᠦᠨ ᠨᠡᠮᠡᠷᠢᠯᠡᠬᠦ〉ᠠᠵᠢᠯᠯᠠᠭ᠎ᠠ ᠶᠢ ᠵᠤᠬᠢᠶᠠᠨ ᠪᠠᠢ᠌ᠭᠤᠯᠵᠤ ᠦᠷᠨᠢᠭᠦᠯᠬᠦ ᠲᠤᠬᠠᠢ ᠬᠡᠷᠡᠭ᠍ᠵᠢᠭᠦᠯᠬᠦ ᠲᠦ᠋ᠰᠦᠯ》᠊ᠢ ᠲᠤᠭᠳ᠋ᠠᠭᠠᠨ ᠲᠤᠷᠤᠭᠰᠢ ᠲᠠᠷᠬᠠᠭᠠᠵᠤ᠂ ᠡᠯ᠎ᠠ ᠱᠠᠳ᠋ᠤᠨ ᠤ ᠠᠷᠠᠳ ᠤᠨ ᠲᠦ᠋ᠯᠦᠭᠡᠯᠡᠭ᠍ᠴᠢ ᠬᠦᠳ᠋ᠡᠭᠡ ᠲᠤᠰᠬᠤᠨ ᠢ ᠬᠦᠭ᠍ᠵᠢᠭᠦᠯᠦᠨ ᠮᠠᠨᠳ᠋ᠤᠭᠤᠯᠬᠤ ᠠᠵᠢᠯ ᠳᠤ ᠢᠳ᠋ᠡᠪᠬᠢᠳ᠋ᠠᠢ ᠤᠷᠤᠯᠴᠡᠨ᠂ ᠲᠠᠷᠢᠶᠠᠯᠠᠩ ᠮᠠᠯ ᠠᠵᠤ ᠠᠬᠤᠢ ᠶᠢ ᠪᠦᠬᠦ ᠲᠠᠯ᠎ᠠ ᠪᠠᠷ ᠲᠡᠰ ᠲᠡᠪᠰᠢᠭᠦᠯᠬᠦ᠂ ᠮᠠᠯᠵᠢᠬᠤ ᠲᠠᠷᠢᠶᠠᠯᠠᠬᠤ ᠤᠷᠤᠨ ᠢ ᠪᠦᠬᠦ ᠲᠠᠯ᠎ᠠ ᠪᠠᠷ ᠲᠠᠪᠰᠢᠭᠤᠯᠬᠤ᠂ ᠮᠠᠯᠴᠢᠨ ᠲᠠᠷᠢᠶᠠᠴᠢᠨ ᠢ ᠪᠦᠬᠦ ᠲᠠᠯ᠎ᠠ ᠪᠠᠷ ᠬᠦᠭ᠍ᠵᠢᠭᠦᠯᠬᠦ᠂ ᠬᠦᠳ᠋ᠡᠭᠡ ᠲᠤᠰᠬᠤᠨ ᠢ ᠪᠦᠬᠦ ᠲᠠᠯ᠎ᠠ ᠪᠠᠷ ᠬᠦᠭ᠍ᠵᠢᠭᠦᠯᠦᠨ ᠮᠠᠨᠳ᠋ᠤᠭᠤᠯᠬᠤ ᠶᠢ ᠪᠡᠶᠡᠯᠡᠭᠦᠯᠬᠦ ᠳᠤ ᠢᠳ᠋ᠡᠪᠬᠢᠳ᠋ᠠᠢ ᠬᠤᠪᠢ ᠨᠡᠮᠡᠷᠢ ᠦᠵᠡᠭᠦᠯᠬᠦ ᠶᠢ ᠤᠷᠢᠶᠠᠯᠠᠪᠠ᠃

ᠲᠠᠷᠠᠭᠠᠴᠢ ᠶᠢᠨ ᠠᠯᠬᠤᠮ ᠳᠤ ᠵᠠᠷᠤᠳ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢᠯ ᠤᠨ ᠬᠠᠷᠠᠯᠳ᠋ᠠ ᠶᠢ ᠭᠦᠨᠵᠡᠭᠡᠢ ᠡᠵᠡᠮᠰᠢᠨ᠂ ᠭᠦᠨᠵᠡᠭᠡᠢ ᠰᠤᠷᠤᠯᠴᠡᠨ ᠰᠡᠳᠭᠢᠵᠦ ᠦᠢᠯᠡᠳ᠋ᠦᠯᠭᠡᠵᠢᠭᠦᠯᠦᠨ ᠤᠢ᠌ᠯᠠᠭᠠᠵᠤ᠂ ᠰᠤᠷᠤᠯᠴᠠᠯᠭ᠎ᠠ ᠬᠦᠮᠦᠵᠢᠯ ᠢ ᠭᠦᠨᠵᠡᠭᠡᠢ᠌ᠷᠡᠭᠦᠯᠦᠨ ᠪᠤᠳ᠋ᠠᠳ᠋ᠠᠢ᠌ᠵᠢᠭᠤᠯᠵᠤ᠂ ᠪᠤᠳ᠋ᠠᠳ᠋ᠠᠢ ᠦᠷ᠎ᠠ ᠪᠦᠳ᠋ᠦᠮᠵᠢ ᠤᠯᠬᠤ ᠶᠢ ᠲᠠᠰᠤᠷᠠᠯᠳ᠋ᠠ ᠦᠭᠡᠶ ᠠᠬᠢᠭᠤᠯᠤᠨ᠂ ᠨᠠᠮ ᠤᠨ ᠵᠠᠭᠤᠨ ᠵᠢᠯ ᠤᠨ ᠲᠡᠮᠡᠴᠡᠯ ᠤᠨ ᠦᠩᠭᠡᠷᠡᠯᠳ᠋ᠡ ᠲᠤᠮᠳ᠋ᠠ ᠡᠴᠡ ᠤᠷᠤᠭᠰᠢᠯᠠᠯᠳ᠋ᠠ ᠶᠢᠨ ᠤᠶᠤᠨ ᠤᠬᠠᠭᠠᠨ ᠪᠠ ᠬᠦᠴᠦᠨ ᠴᠢᠳ᠋ᠠᠯ ᠤᠯᠵᠤ᠂ ᠵᠠᠷᠤᠳ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠠᠵᠢᠯ ᠢ ᠴᠠᠭ ᠦᠶ᠎ᠠ ᠲᠡᠶ ᠤᠷᠤᠭᠰᠢᠯᠠᠬᠤ ᠶᠢ ᠠᠬᠢᠭᠤᠯᠵᠤ᠂ ᠰᠢᠯᠢᠳ᠋ᠡᠭ᠌ ᠬᠢᠷᠢ ᠪᠦᠳ᠋ᠦᠮᠵᠢ ᠪᠠᠷ ᠲᠤᠮᠳ᠋ᠠᠳ᠋ᠤ ᠤᠯᠤᠰ ᠤᠨ ᠡᠪ ᠬᠠᠮᠳ᠋ᠤ ᠨᠠᠮ ᠪᠠᠢ᠌ᠭᠤᠯᠤᠭᠳ᠋ᠠᠭᠰᠠᠨ 100 ᠵᠢᠯ ᠤᠨ ᠤᠢ ᠶᠢ ᠪᠡᠯᠭᠡᠯᠡᠶ᠎ᠠ︕ (ᠯᠸᠢ ᠫᠠᠩ)