ᠬᠤᠳ᠋ᠠ ᠶᠢᠨ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠮᠠᠨ ᠤ ᠬᠤᠰᠢᠭᠤᠨ ᠳᠤ ᠢᠷᠡᠵᠦ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠬᠤᠭᠤᠴᠠᠭ᠎ᠠ ᠰᠤᠯᠢᠬᠤ ᠠᠵᠢᠯ᠂ ᠲᠦ᠋ᠯᠦᠭᠡᠯᠡᠭ᠍ᠴᠢᠳ ᠤᠨ ᠡᠭᠦᠷᠭᠡ ᠲᠤᠰᠢᠶᠠᠯ ᠶᠢᠡᠨ ᠭᠦᠢᠴᠡᠳᠭᠡᠭ᠍ᠰᠡᠨ ᠵᠢᠴᠢ ᠠᠷᠠᠳ ᠤᠨ ᠠᠮᠢᠳ᠋ᠤᠷᠠᠯ ᠤᠨ ᠪᠤᠳ᠋ᠠᠳ᠋ᠤ ᠶᠠᠪᠤᠳ᠋ᠠᠯ ᠤᠨ ᠲᠦ᠋ᠷᠦᠯ ᠵᠦ᠋ᠢᠯ ᠤᠨ ᠠᠵᠢᠯ ᠢ ᠪᠠᠢ᠌ᠴᠠᠭᠠᠨ ᠰᠤᠳ᠋ᠤᠯᠵᠤ ᠵᠢᠯᠤᠭᠤᠳ᠋ᠤᠪᠠ

5 ᠰᠠᠷ᠎ᠠ ᠶᠢᠨ 27᠊ᠤ ᠡᠳ᠋ᠦᠷ᠂ ᠬᠤᠳ᠋ᠠ ᠶᠢᠨ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠰᠤᠩᠭ᠋ᠤᠭᠤᠯᠢ ᠶᠢᠨ ᠶᠠᠪᠤᠳ᠋ᠠᠯ ᠤᠨ ᠲᠦ᠋ᠯᠦᠭᠡᠯᠡᠭ᠍ᠴᠢᠳ ᠲᠡᠶ ᠬᠠᠷᠢᠯᠴᠠᠬᠤ ᠠᠵᠢᠯ ᠤᠨ ᠵᠦ᠋ᠪᠯᠡᠯ ᠤᠨ ᠡᠷᠬᠢᠯᠡᠭ᠍ᠴᠢ ᠡᠾᠸ ᠢᠦᠢ ᠯᠠᠨ ᠪᠠᠢ᠌ᠴᠠᠭᠠᠨ ᠰᠤᠳ᠋ᠤᠯᠬᠤ ᠲᠤᠭᠤᠢ᠌ᠯᠠᠩ ᠢ ᠲᠠᠭᠠᠭᠤᠯᠤᠨ ᠮᠠᠨ ᠤ ᠬᠤᠰᠢᠭᠤᠨ ᠳᠤ ᠢᠷᠡᠵᠦ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠬᠤᠭᠤᠴᠠᠭ᠎ᠠ ᠰᠤᠯᠢᠬᠤ ᠠᠵᠢᠯ᠂ ᠲᠦ᠋ᠯᠦᠭᠡᠯᠡᠭ᠍ᠴᠢᠳ ᠤᠨ ᠡᠭᠦᠷᠭᠡ ᠲᠤᠰᠢᠶᠠᠯ ᠶᠢᠡᠨ ᠭᠦᠢᠴᠡᠳᠭᠡᠭ᠍ᠰᠡᠨ ᠵᠢᠴᠢ ᠠᠷᠠᠳ ᠤᠨ ᠠᠮᠢᠳ᠋ᠤᠷᠠᠯ ᠤᠨ ᠪᠤᠳ᠋ᠠᠳ᠋ᠤ ᠶᠠᠪᠤᠳ᠋ᠠᠯ ᠤᠨ ᠲᠦ᠋ᠷᠦᠯ ᠵᠦ᠋ᠢᠯ ᠤᠨ ᠠᠵᠢᠯ ᠢ ᠪᠠᠢ᠌ᠴᠠᠭᠠᠨ ᠰᠤᠳ᠋ᠤᠯᠵᠤ ᠵᠢᠯᠤᠭᠤᠳ᠋ᠤᠨ᠂ ᠬᠤᠳ᠋ᠠ ᠶᠢᠨ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠰᠤᠩᠭ᠋ᠤᠭᠤᠯᠢ ᠶᠢᠨ ᠶᠠᠪᠤᠳ᠋ᠠᠯ ᠤᠨ ᠲᠦ᠋ᠯᠦᠭᠡᠯᠡᠭ᠍ᠴᠢᠳ ᠲᠡᠶ ᠬᠠᠷᠢᠯᠴᠠᠬᠤ ᠠᠵᠢᠯ ᠤᠨ ᠵᠦ᠋ᠪᠯᠡᠯ ᠤᠨ ᠲᠡᠳ᠋ ᠡᠷᠬᠢᠯᠡᠭ᠍ᠴᠢ ᠯᠢᠶᠠᠩ ᠰᠢᠦ ᠵᠢᠦᠸᠠᠨ ᠵᠢᠴᠢ ᠬᠤᠰᠢᠭᠤᠨ ᠤ ᠨᠠᠮ ᠤᠨ ᠬᠤᠷᠢᠶᠠᠨ ᠤ ᠪᠠᠢ᠌ᠩᠭ᠋ᠤ ᠶᠢᠨ ᠭᠡᠰᠢᠭᠦᠨ᠂ ᠬᠤᠰᠢᠭᠤᠨ ᠤ ᠠᠷᠠᠳ ᠤᠨ ᠵᠠᠰᠠᠭ ᠤᠨ ᠤᠷᠳ᠋ᠤᠨ ᠤ ᠲᠡᠳ᠋ ᠬᠤᠰᠢᠭᠤᠨ ᠲᠠᠷᠤᠭ᠎ᠠ ᠪᠠᠳ᠋ᠤ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠡᠳ᠋ ᠡᠷᠬᠢᠯᠡᠭ᠍ᠴᠢ ᠪᠥ᠋ ᠮᠤᠤ ᠰᠢᠶᠠᠩ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠨᠠᠷᠢᠨ ᠪᠢᠴᠢᠭ᠌ ᠤᠨ ᠲᠠᠷᠤᠭ᠎ᠠ ᠯᠢ ᠴᠸᠩ ᠭᠦᠸᠸ ᠪᠤᠯᠤᠨ ᠬᠤᠰᠢᠭᠤᠨ ᠤ ᠬᠠᠮᠢᠶ᠎ᠠ ᠪᠦᠬᠦᠢ ᠰᠠᠯᠠᠭ᠎ᠠ ᠮᠦ᠋ᠴᠢᠷ ᠤᠨ ᠬᠠᠷᠢᠭᠤᠴᠠᠯᠭᠠᠳ᠋ᠠᠨ ᠨᠦ᠋ᠭᠦᠳ᠂ ᠬᠡᠰᠡᠭ᠌ ᠬᠤᠳ᠋ᠠ᠂ ᠬᠤᠰᠢᠭᠤᠨ ᠱᠠᠳ᠋ᠤᠨ ᠤ ᠠᠷᠠᠳ ᠤᠨ ᠲᠦ᠋ᠯᠦᠭᠡᠯᠡᠭ᠍ᠴᠢ ᠪᠠᠷ᠎ᠠ ᠪᠤᠯᠤᠨ ᠪᠠᠢ᠌ᠴᠠᠭᠠᠨ ᠰᠤᠳ᠋ᠤᠯᠤᠭᠰᠠᠨ ᠪᠤᠶᠦ ᠰᠠᠭᠤᠳ᠋ᠠᠯ ᠤᠨ ᠬᠤᠷᠠᠯ ᠳᠤ ᠤᠷᠤᠯᠴᠠᠪᠠ᠃


ᠪᠠᠢ᠌ᠴᠠᠭᠠᠨ ᠰᠤᠳ᠋ᠤᠯᠬᠤ ᠲᠤᠭᠤᠢ᠌ᠯᠠᠩ ᠤᠨ ᠬᠢᠨ ᠤᠷᠢᠳ ᠬᠤᠵᠢᠳ ᠲᠤᠯᠤᠳ᠋ᠤ ᠰᠤᠮᠤ ᠶᠢᠨ《ᠤᠶᠤᠨᠳ᠋ᠤ ᠷᠠᠳ᠋ᠢᠤ᠋ ᠲᠸᠯᠸᠢᠰ》᠊ᠤᠨ ᠦᠷᠭᠡᠨ ᠪᠦᠰᠡᠳ᠋ᠤ ᠲᠤᠤᠷ ᠰᠦ᠋ᠯᠵᠢᠶ᠎ᠠ ᠶᠢ ᠪᠦᠷᠬᠦᠬᠦᠯᠬᠦ ᠪᠠ ᠤᠢ᠌ᠯᠡᠴᠢᠯᠡᠭᠡᠨ ᠤ ᠲᠦᠷᠦᠯ ᠵᠦᠢᠯ ᠂ ᠯᠦ᠋ᠪᠸᠢ ᠪᠠᠯᠭᠠᠰᠤᠨ ᠤ ᠮᠤᠳ᠋ᠤ ᠰᠤᠷᠭᠠᠭᠤᠯᠢ ᠶᠢᠨ ᠵᠢᠭᠠᠨ ᠰᠤᠷᠭᠠᠬᠤ ᠠᠰᠠᠷ ᠤᠨ ᠪᠠᠢ᠌ᠭᠤᠯᠤᠯᠳ᠋ᠠ ᠶᠢᠨ ᠲᠦ᠋ᠷᠦᠯ ᠵᠦ᠋ᠢᠯ ᠵᠢᠴᠢ ᠮᠤᠳ᠋ᠤ ᠭᠠᠴᠠᠭ᠎ᠠ ᠶᠢᠨ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠲᠦ᠋ᠯᠦᠭᠡᠯᠡᠭ᠍ᠴᠢ ᠶᠢᠨ ᠭᠡᠷ ᠪᠦᠯᠢ ᠳᠤ ᠬᠦᠷᠴᠦ᠂ ᠲᠤᠬᠠᠢ ᠶᠢᠨ ᠭᠠᠵᠠᠷ ᠲᠤᠨᠢ ᠪᠠᠢ᠌ᠴᠠᠭᠠᠨ ᠦᠵᠡᠬᠦ᠂ ᠮᠠᠲ᠋ᠸᠷᠢᠶᠠᠯ ᠦᠵᠡᠬᠦ᠂ ᠬᠠᠷᠢᠭᠤ ᠮᠡᠳ᠋ᠡᠭᠦᠯᠦᠯᠳ᠋ᠡ ᠶᠢ ᠰᠤᠨᠤᠰᠬᠤ ᠵᠡᠷᠭᠡ ᠬᠡᠯᠪᠡᠷᠢ ᠪᠠᠷ ᠲᠠᠮᠵᠢᠨ ᠬᠤᠰᠢᠭᠤ᠂ ᠪᠠᠯᠭᠠᠰᠤ ᠬᠤᠶᠠᠷ ᠱᠠᠳ᠋ᠤᠨ ᠤ ᠠᠷᠠᠳ ᠤᠨ ᠠᠮᠢᠳ᠋ᠤᠷᠠᠯ ᠤᠨ ᠪᠤᠳ᠋ᠠᠳ᠋ᠤ ᠶᠠᠪᠤᠳ᠋ᠠᠯ ᠤᠨ ᠲᠦ᠋ᠷᠦᠯ ᠵᠦ᠋ᠢᠯ ᠢ ᠦᠷᠨᠢᠭᠦᠯᠦᠭ᠍ᠰᠡᠨ ᠪᠠᠢ᠌ᠳ᠋ᠠᠯ ᠪᠠ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠬᠤᠭᠤᠴᠠᠭ᠎ᠠ ᠰᠤᠯᠢᠬᠤ ᠠᠵᠢᠯ᠂ ᠲᠤᠰᠢᠶᠠᠯ ᠶᠢᠡᠨ ᠭᠦᠢᠴᠡᠳᠭᠡᠭ᠍ᠰᠡᠨ ᠵᠡᠷᠭᠡ ᠲᠠᠯ᠎ᠠ ᠶᠢᠨ ᠠᠵᠢᠯ ᠤᠨ ᠪᠠᠢ᠌ᠳ᠋ᠠᠯ ᠢ ᠨᠠᠷᠢᠨ ᠤᠢ᠌ᠯᠠᠭᠠᠪᠠ᠃

ᠲᠤᠬᠠᠢ ᠶᠢᠨ ᠭᠠᠵᠠᠷ ᠲᠤᠨᠢ ᠪᠠᠢ᠌ᠴᠠᠭᠠᠨ ᠰᠤᠳ᠋ᠤᠯᠵᠤ ᠲᠠᠭᠤᠰᠤᠭᠰᠠᠨ ᠤ ᠲᠠᠷᠠᠭ᠎ᠠ ᠰᠠᠭᠤᠳ᠋ᠠᠯ ᠤᠨ ᠬᠤᠷᠠᠯ ᠬᠤᠷᠠᠯᠳ᠋ᠤᠭᠤᠯᠤᠨ᠂ ᠪᠥ᠋ ᠮᠤᠤ ᠰᠢᠶᠠᠩ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠬᠤᠭᠤᠴᠠᠭ᠎ᠠ ᠰᠤᠯᠢᠬᠤ ᠰᠤᠩᠭ᠋ᠤᠭᠤᠯᠢ ᠶᠢᠨ ᠠᠵᠢᠯ ᠦᠷᠨᠢᠭᠦᠯᠦᠭ᠍ᠰᠡᠨ ᠪᠠᠢ᠌ᠳ᠋ᠠᠯ᠂ ᠲᠦ᠋ᠯᠦᠭᠡᠯᠡᠭ᠍ᠴᠢᠳ ᠤᠨ ᠠᠵᠢᠯ ᠦᠷᠨᠢᠭᠦᠯᠦᠭ᠍ᠰᠡᠨ ᠪᠠᠢ᠌ᠳ᠋ᠠᠯ᠂ ᠠᠷᠠᠳ ᠤᠨ ᠠᠮᠢᠳ᠋ᠤᠷᠠᠯ ᠤᠨ ᠪᠤᠳ᠋ᠠᠳ᠋ᠤ ᠶᠠᠪᠤᠳ᠋ᠠᠯ ᠤᠨ ᠲᠦ᠋ᠷᠦᠯ ᠵᠦ᠋ᠢᠯ ᠢ ᠠᠷᠠᠳ ᠤᠨ ᠲᠦ᠋ᠯᠦᠭᠡᠯᠡᠭ᠍ᠴᠢ ᠪᠢᠯᠸᠲ ᠦᠭ᠍ᠴᠦ ᠪᠠᠳ᠋ᠤᠯᠠᠬᠤ ᠲᠦ᠋ᠷᠢᠮ ᠤᠨ ᠠᠵᠢᠯ ᠦᠷᠨᠢᠭᠦᠯᠦᠭ᠍ᠰᠡᠨ ᠪᠠᠢ᠌ᠳ᠋ᠠᠯ ᠵᠢᠴᠢ ᠤᠷᠤᠰᠢᠵᠤ ᠪᠠᠢ᠌ᠭ᠎ᠠ ᠠᠰᠠᠭᠤᠳ᠋ᠠᠯ᠂ ᠲᠠᠷᠠᠭᠠᠴᠢ ᠶᠢᠨ ᠠᠯᠬᠤᠮ ᠤᠨ ᠠᠵᠢᠯ ᠤᠨ ᠲᠦ᠋ᠯᠦᠪᠯᠡᠭᠡ ᠶᠢ ᠬᠠᠷᠢᠭᠤ ᠮᠡᠳ᠋ᠡᠭᠦᠯᠵᠦ᠂ᠬᠤᠷᠠᠯ ᠳᠤ ᠤᠷᠤᠯᠴᠠᠭᠰᠡᠳ ᠠᠵᠢᠯ ᠤᠨ ᠪᠤᠳ᠋ᠠᠳ᠋ᠤ ᠪᠠᠢ᠌ᠳ᠋ᠠᠯ ᠲᠡᠶ ᠪᠠᠨ ᠤᠶᠠᠯᠳ᠋ᠤᠭᠤᠯᠤᠨ ᠬᠤᠭᠤᠴᠠᠭ᠎ᠠ ᠰᠤᠯᠢᠬᠤ ᠠᠵᠢᠯ᠂ ᠠᠷᠠᠳ ᠤᠨ ᠲᠦ᠋ᠯᠦᠭᠡᠯᠡᠭ᠍ᠴᠢᠳ ᠤᠨ ᠲᠤᠰᠢᠶᠠᠯ ᠶᠢᠡᠨ ᠬᠦᠢᠴᠡᠳᠭᠡᠬᠦ ᠴᠢᠳ᠋ᠠᠪᠤᠷᠢ ᠪᠠᠨ ᠲᠡᠭᠡᠭ᠍ᠰᠢᠯᠡᠭᠦᠯᠬᠦ᠂ ᠠᠷᠠᠳ ᠤᠨ ᠠᠮᠢᠳ᠋ᠤᠷᠠᠯ ᠤᠨ ᠪᠤᠳ᠋ᠠᠳ᠋ᠤ ᠶᠠᠪᠤᠳ᠋ᠠᠯ ᠤᠨ ᠲᠦ᠋ᠷᠦᠯ ᠵᠦ᠋ᠢᠯ ᠤᠨ ᠬᠡᠷᠡᠭ᠍ᠵᠢᠭᠦᠯᠦᠯᠳ᠋ᠡ ᠶᠢ ᠠᠬᠢᠭᠤᠯᠬᠤ ᠵᠡᠷᠭᠡ ᠲᠠᠯ᠎ᠠ ᠪᠠᠷ ᠭᠦᠨᠵᠡᠭᠡᠢ ᠰᠤᠳ᠋ᠤᠯᠤᠨ ᠶᠠᠷᠢᠯᠴᠠᠬᠤ ᠶᠢᠨ ᠬᠠᠮᠳ᠋ᠤ ᠰᠠᠢ᠌ᠨ ᠰᠠᠨᠠᠯ ᠰᠠᠨᠠᠭᠤᠯᠭ᠎ᠠ ᠲᠤᠷᠠᠳ᠋ᠤᠪᠠ᠃



ᠡᠾᠸ ᠢᠦᠢ ᠯᠠᠨ ᠵᠠᠷᠤᠳ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠬᠤᠭᠤᠴᠠᠭ᠎ᠠ ᠰᠤᠯᠢᠬᠤ᠂ ᠲᠦ᠋ᠯᠦᠭᠡᠯᠡᠭ᠍ᠴᠢᠳ ᠤᠨ ᠡᠭᠦᠷᠭᠡ ᠲᠤᠰᠢᠶᠠᠯ ᠶᠢᠡᠨ ᠭᠦᠢᠴᠡᠳᠭᠡᠭ᠍ᠰᠡᠨ᠂ ᠠᠷᠠᠳ ᠤᠨ ᠠᠮᠢᠳ᠋ᠤᠷᠠᠯ ᠤᠨ ᠪᠤᠳ᠋ᠠᠳ᠋ᠤ ᠶᠠᠪᠤᠳ᠋ᠠᠯ ᠤᠨ ᠲᠦ᠋ᠷᠦᠯ ᠵᠦ᠋ᠢᠯ ᠤᠨ ᠬᠡᠷᠡᠭ᠍ᠵᠢᠭᠦᠯᠦᠯᠳ᠋ᠡ ᠶᠢᠨ ᠲᠠᠯ᠎ᠠ ᠪᠠᠷ ᠤᠯᠤᠭᠰᠠᠨ ᠬᠢᠷᠢ ᠪᠦᠳ᠋ᠦᠮᠵᠢ ᠶᠢ ᠭᠦᠢᠴᠡᠳ ᠨᠤᠳ᠋ᠠᠯᠠᠬᠤ ᠶᠢᠨ ᠬᠠᠮᠳ᠋ᠤ ᠴᠢᠩᠭ᠋ᠠᠳᠬᠠᠭᠰᠠᠨ ᠨᠢ᠂ ᠠᠷᠠᠳ ᠤᠨ ᠲᠦ᠋ᠯᠦᠭᠡᠯᠡᠭ᠍ᠴᠢᠳ ᠤᠨ ᠭᠡᠷ ᠪᠦᠯᠢ ᠪᠤᠯ ᠲᠦ᠋ᠯᠦᠭᠡᠯᠡᠭ᠍ᠴᠢ ᠪᠠ ᠤᠯᠠᠨ ᠲᠦ᠋ᠮᠡᠨ ᠲᠡᠶ ᠬᠠᠷᠢᠯᠴᠠᠬᠤ ᠴᠤᠩᠬᠤ ᠪᠠᠢ᠌ᠵᠤ᠂ ᠡᠷᠬᠡᠪᠰᠢ ᠦᠢᠯᠡᠳ᠋ᠦᠯ ᠶᠢᠡᠨ ᠭᠦᠢᠴᠡᠳ ᠪᠠᠳ᠋ᠠᠷᠠᠭᠤᠯᠤᠨ᠂ ᠤᠯᠠᠨ ᠲᠦ᠋ᠮᠡᠨ ᠤ ᠬᠦᠰᠡᠯ ᠱᠠᠭᠠᠷᠳ᠋ᠠᠯᠭ᠎ᠠ ᠶᠢ ᠠᠩᠬᠠᠷᠤᠯ ᠲᠠᠯᠪᠢᠨ ᠰᠤᠨᠤᠰᠴᠦ᠂ ᠤᠯᠠᠨ ᠲᠦ᠋ᠮᠡᠨ ᠤ ᠪᠤᠳ᠋ᠠᠳ᠋ᠠᠢ ᠠᠰᠠᠭᠤᠳ᠋ᠠᠯ ᠢ ᠰᠢ᠌ᠳᠪᠦᠷᠢᠯᠡᠬᠦ ᠬᠡᠷᠡᠭ᠍ᠳ᠋ᠠᠢ᠂ ᠡᠷᠬᠡᠪᠰᠢ ᠠᠷᠠᠳ ᠤᠨ ᠠᠮᠢᠳ᠋ᠤᠷᠠᠯ ᠤᠨ ᠪᠤᠳ᠋ᠠᠳ᠋ᠤ ᠶᠠᠪᠤᠳ᠋ᠠᠯ ᠤᠨ ᠲᠦ᠋ᠷᠦᠯ ᠵᠦ᠋ᠢᠯ ᠢ ᠠᠷᠠᠳ ᠤᠨ ᠲᠦ᠋ᠯᠦᠭᠡᠯᠡᠭ᠍ᠴᠢ ᠪᠢᠯᠸᠲ ᠦᠭ᠍ᠴᠦ ᠪᠠᠳ᠋ᠤᠯᠠᠬᠤ ᠲᠦ᠋ᠷᠢᠮ ᠤᠨ ᠠᠵᠢᠯ ᠢ ᠦᠷᠭᠦᠯᠵᠢᠯᠡᠨ ᠠᠬᠢᠭᠤᠯᠵᠤ᠂ ᠤᠯᠠᠨ ᠲᠦ᠋ᠮᠡᠨ ᠤ ᠬᠦᠷᠳ᠋ᠡᠮᠵᠢ ᠶᠢᠨ ᠲᠦ᠋ᠷᠦᠭ᠍ᠳ᠋ᠡᠯ ᠪᠠ ᠵᠢᠷᠭᠠᠯᠳ᠋ᠤ ᠲᠦ᠋ᠷᠦᠭ᠍ᠳ᠋ᠡᠯ ᠢ ᠦᠨᠡᠨ ᠬᠦ ᠴᠢᠩᠭ᠋ᠠᠳᠬᠠᠬᠤ ᠬᠡᠷᠡᠭ᠍ᠳ᠋ᠠᠢ᠂ ᠡᠷᠬᠡᠪᠰᠢ ᠠᠷᠠᠳ ᠤᠨ ᠲᠦ᠋ᠯᠦᠭᠡᠯᠡᠭ᠍ᠴᠢᠳ ᠤᠨ ᠪᠤᠯᠪᠠᠰᠤᠷᠠᠯ ᠢ ᠢᠳ᠋ᠡᠪᠬᠢᠳ᠋ᠠᠢ ᠵᠤᠬᠢᠶᠠᠨ ᠪᠠᠢ᠌ᠭᠤᠯᠵᠤ ᠦᠷᠨᠢᠭᠦᠯᠬᠦ ᠶᠢᠨ ᠬᠠᠮᠳ᠋ᠤ ᠲᠦ᠋ᠯᠦᠭᠡᠯᠡᠭ᠍ᠴᠢᠳ ᠤᠨ ᠬᠤᠪᠢ ᠪᠡᠶ᠎ᠠ ᠶᠢᠨ ᠰᠤᠷᠤᠯᠴᠠᠯᠭ᠎ᠠ ᠶᠢ ᠴᠢᠩᠭ᠋ᠠᠳᠬᠠᠨ᠂ ᠲᠦ᠋ᠯᠦᠭᠡᠯᠡᠭ᠍ᠴᠢᠳ ᠤᠨ ᠲᠤᠰᠢᠶᠠᠯ ᠶᠢᠡᠨ ᠭᠦᠢᠴᠡᠳᠭᠡᠬᠦ ᠴᠢᠳ᠋ᠠᠪᠤᠷᠢ ᠶᠢ ᠲᠡᠭᠡᠭ᠍ᠰᠢᠯᠡᠭᠦᠯᠬᠦ ᠬᠡᠷᠡᠭ᠍ᠳ᠋ᠠᠢ᠂ ᠰᠤᠮᠤ ᠪᠠᠯᠭᠠᠰᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠲᠡᠷᠢᠭᠦᠯᠡᠭ᠍ᠴᠢᠳ ᠤᠨ ᠪᠦᠯᠬᠦᠮ ᠤᠨ ᠲᠡᠷᠢᠭᠦᠯᠡᠭ᠍ᠴᠢ ᠡᠷᠬᠡᠪᠰᠢ ᠨᠠᠮ ᠡᠴᠡ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠠᠵᠢᠯ ᠢ ᠤᠳ᠋ᠤᠷᠢᠳᠬᠤ ᠶᠢ ᠪᠠᠷᠢᠮᠳ᠋ᠠᠯᠠᠵᠤ᠂ ᠨᠠᠮ ᠤᠨ ᠬᠤᠷᠢᠶᠠᠨ ᠤ ᠭᠤᠤᠯ ᠲᠤᠭᠤᠷᠢᠨ ᠳᠤ ᠢᠳ᠋ᠡᠪᠬᠢᠳ᠋ᠠᠢ ᠠᠵᠢᠯᠯᠡᠨ᠂ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠠᠵᠢᠯ ᠤᠨ ᠡᠭᠦᠷᠭᠡ ᠬᠠᠷᠢᠭᠤᠴᠠᠯᠭ᠎ᠠ ᠶᠢ ᠰᠠᠢ᠌ᠳ᠋ᠤᠷ ᠪᠠᠳ᠋ᠠᠷᠠᠭᠤᠯᠵᠤ᠂ ᠠᠵᠤ ᠠᠬᠤᠢ ᠨᠡᠢ᠌ᠭᠡᠮ ᠤᠨ ᠬᠦᠭ᠍ᠵᠢᠯᠳ᠋ᠡ ᠲᠤᠮᠳ᠋ᠠ ᠠᠷᠠᠳ ᠤᠨ ᠲᠦ᠋ᠯᠦᠭᠡᠯᠡᠭ᠍ᠴᠢᠳ ᠤᠨ ᠰᠢᠨ᠎ᠠ ᠲᠦ᠋ᠷᠢ ᠲᠦ᠋ᠷᠬᠦ ᠶᠢ ᠪᠤᠢ ᠪᠤᠯᠭᠠᠵᠤ᠂ ᠠᠷᠠᠳ ᠤᠨ ᠲᠦ᠋ᠯᠦᠭᠡᠯᠡᠭ᠍ᠴᠢᠳ ᠤᠨ ᠰᠢᠨ᠎ᠠ ᠬᠦᠴᠦᠨ ᠢ ᠨᠡᠮᠡᠷᠢᠯᠡᠬᠦ ᠬᠡᠷᠡᠭ᠍ᠳ᠋ᠠᠢ ᠭᠡᠵᠠᠢ᠃ (ᠯᠸᠢ ᠫᠠᠩ)