ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠪᠦᠬᠦ ᠺᠠᠳ᠋ᠷ ᠠᠵᠢᠯᠳ᠋ᠡᠨ ᠢ ᠵᠤᠬᠢᠶᠠᠨ ᠪᠠᠢ᠌ᠭᠤᠯᠵᠤ ᠲᠤᠮᠳ᠋ᠠᠳ᠋ᠤ ᠤᠯᠤᠰ ᠤᠨ ᠡᠪ ᠬᠠᠮᠳ᠋ᠤ ᠨᠠᠮ ᠤᠨ ᠲᠡᠦᠬᠡ ᠶᠢᠨ ᠲᠤᠰᠬᠠᠢ ᠰᠡᠳ᠋ᠦᠪᠳ᠋ᠦ ᠲᠤᠤᠷ ᠰᠦ᠋ᠯᠵᠢᠶᠡᠨ ᠤ ᠬᠢᠴᠢᠶᠡᠯᠯᠡᠭᠡ ᠶᠢ ᠦᠵᠡᠵᠦ ᠰᠤᠷᠤᠯᠴᠠᠪᠠ
5 ᠰᠠᠷ᠎ᠠ ᠶᠢᠨ 28 ᠊ᠦ ᠡᠳ᠋ᠦᠷ ᠤᠨ ᠦᠳ᠋ᠡ ᠶᠢᠨ ᠬᠤᠢ᠌ᠨ᠎ᠠ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠪᠦᠬᠦ ᠺᠠᠳ᠋ᠷ ᠠᠵᠢᠯᠳ᠋ᠡᠨ ᠢ ᠵᠤᠬᠢᠶᠠᠨ ᠪᠠᠢ᠌ᠭᠤᠯᠵᠤ ᠲᠦ᠋ᠪ ᠤᠨ ᠨᠠᠮ ᠤᠨ ᠰᠤᠷᠭᠠᠭᠤᠯᠢ (ᠤᠯᠤᠰ ᠤᠨ ᠵᠠᠰᠠᠭ ᠵᠠᠬᠢᠷᠭᠠᠨ ᠤ ᠲᠡᠭᠡᠳ᠋ᠦ ᠰᠤᠷᠭᠠᠭᠤᠯᠢ)ᠵᠢᠨ ᠲᠤᠮᠳ᠋ᠠᠳ᠋ᠤ ᠤᠯᠤᠰ ᠤᠨ ᠡᠪ ᠬᠠᠮᠳ᠋ᠤ ᠨᠠᠮ ᠤᠨ ᠲᠡᠦᠬᠡ ᠶᠢᠨ ᠵᠢᠭᠠᠨ ᠰᠤᠳ᠋ᠤᠯᠬᠤ ᠲᠠᠰᠤᠭ ᠤᠨ ᠫᠷᠦᠹᠸᠰᠰᠤᠷ ᠯᠤ ᠢ ᠶᠢᠨ ᠲᠠᠢᠯᠪᠤᠷᠢᠯᠠᠭᠰᠠᠨ ᠲᠤᠮᠳ᠋ᠠᠳ᠋ᠤ ᠤᠯᠤᠰ ᠤᠨ ᠡᠪ ᠬᠠᠮᠳ᠋ᠤ ᠨᠠᠮ ᠤᠨ ᠲᠡᠦᠬᠡ ᠶᠢᠨ ᠲᠤᠰᠬᠠᠢ ᠰᠡᠳ᠋ᠦᠪᠳ᠋ᠦ ᠲᠤᠤᠷ ᠰᠦ᠋ᠯᠵᠢᠶᠡᠨ ᠤ ᠬᠢᠴᠢᠶᠡᠯᠯᠡᠭᠡ ᠊᠊᠊᠊᠊᠊᠊᠊᠊《ᠭᠤᠮᠢᠨᠳ᠋ᠠᠩ ᠡᠪ ᠬᠠᠮᠳ᠋ᠤ ᠨᠠᠮ ᠪᠠ ᠶᠠᠫᠤᠨ ᠢ ᠡᠰᠡᠷᠭᠦᠴᠡᠭ᠍ᠰᠡᠨ ᠲᠠᠢ᠌ᠨ》ᠭᠡᠬᠦ ᠲᠠᠢᠯᠤᠮᠵᠢ ᠶᠢ ᠦᠵᠡᠵᠦ ᠰᠤᠷᠤᠯᠴᠠᠪᠠ᠃
ᠲᠠᠢᠯᠤᠮᠵᠢ ᠨᠢ ᠭᠤᠤᠯᠳ᠋ᠠᠭᠤ ᠭᠤᠮᠢᠨᠳ᠋ᠠᠩ ᠤᠨ ᠪᠦᠬᠦ ᠤᠯᠤᠰ ᠤᠨ ᠶᠠᠫᠤᠨ ᠢ ᠡᠰᠡᠷᠭᠦᠴᠡᠭ᠍ᠰᠡᠨ ᠲᠠᠢ᠌ᠨ ᠤ ᠲᠤᠮᠳ᠋ᠠᠬᠢ ᠢᠯᠡᠷᠡᠯ᠂ ᠲᠤᠮᠳ᠋ᠠᠳ᠋ᠤ ᠤᠯᠤᠰ ᠤᠨ ᠡᠪ ᠬᠠᠮᠳ᠋ᠤ ᠨᠠᠮ ᠤᠨ ᠪᠦᠬᠦ ᠤᠯᠤᠰ ᠤᠨ ᠶᠠᠫᠤᠨ ᠢ ᠡᠰᠡᠷᠭᠦᠴᠡᠭ᠍ᠰᠡᠨ ᠲᠠᠢ᠌ᠨ ᠤ ᠲᠤᠮᠳ᠋ᠠᠬᠢ ᠬᠤᠪᠢ ᠨᠡᠮᠡᠷᠢ᠂ ᠶᠠᠫᠤᠨ ᠢ ᠡᠰᠡᠷᠭᠦᠴᠡᠭ᠍ᠰᠡᠨ ᠲᠠᠢ᠌ᠨ ᠤ ᠢᠯᠠᠯᠳ᠋ᠡ ᠶᠢᠨ ᠠᠴᠢ ᠬᠤᠯᠪᠤᠭᠳ᠋ᠠᠯ ᠪᠠ ᠰᠡᠩᠭᠡᠷᠡᠭᠦᠯᠦᠯ ᠵᠡᠷᠭᠡ ᠭᠤᠷᠪᠠᠨ ᠲᠠᠯ᠎ᠠ ᠡᠴᠡ ᠭᠤᠮᠢᠨᠳ᠋ᠠᠩ ᠡᠪ ᠬᠠᠮᠳ᠋ᠤ ᠨᠠᠮ ᠤᠨ ᠶᠠᠫᠤᠨ ᠢ ᠡᠰᠡᠷᠭᠦᠴᠡᠭ᠍ᠰᠡᠨ ᠲᠠᠢ᠌ᠨ ᠤ ᠲᠤᠮᠳ᠋ᠠᠬᠢ ᠢᠯᠡᠷᠡᠯ ᠪᠠ ᠬᠤᠪᠢ ᠨᠡᠮᠡᠷᠢ ᠶᠢ ᠪᠤᠰᠤᠳᠴᠢ ᠪᠠᠷ ᠰᠢᠰᠲ᠋ᠸᠮ ᠲᠡᠶ ᠶᠠᠷᠢᠵᠠᠢ᠃

ᠲᠤᠰᠬᠠᠢ ᠰᠡᠳ᠋ᠦᠪᠳ᠋ᠦ ᠲᠠᠢᠯᠤᠮᠵᠢ ᠵᠢ ᠦᠵᠡᠵᠦ ᠰᠤᠷᠤᠯᠴᠠᠬᠤ ᠪᠠᠷ ᠲᠠᠮᠵᠢᠨ ᠪᠠᠢ᠌ᠭᠤᠯᠭ᠎ᠠ ᠶᠢᠨ ᠨᠠᠮ ᠤᠨ ᠭᠡᠰᠢᠭᠦᠨ ᠪᠠ ᠺᠠᠳ᠋ᠷ ᠠᠵᠢᠯᠳ᠋ᠡᠨ ᠠᠵᠢᠯ ᠤᠨ ᠪᠤᠳ᠋ᠠᠳ᠋ᠠᠢ ᠪᠠᠢ᠌ᠳ᠋ᠠᠯ ᠲᠡᠶ ᠪᠠᠨ ᠤᠶᠠᠯᠳ᠋ᠤᠭᠤᠯᠤᠨ ᠨᠠᠷᠢᠨ ᠬᠢᠨᠠᠮᠠᠭᠠᠢ ᠰᠤᠷᠤᠯᠴᠡᠨ᠂ ᠠᠭᠤᠤ ᠶᠡᠬᠡ ᠦᠨᠳ᠋ᠦᠰᠦᠳ᠋ᠡᠨ ᠤ ᠵᠤᠷᠢᠭ ᠰᠠᠨᠠᠭ᠎ᠠ᠂ ᠠᠭᠤᠤ ᠶᠡᠬᠡ ᠶᠠᠫᠤᠨ ᠢ ᠡᠰᠡᠷᠭᠦᠴᠡᠭ᠍ᠰᠡᠨ ᠲᠠᠢ᠌ᠨ ᠤ ᠵᠤᠷᠢᠭ ᠰᠠᠨᠠᠭ᠎ᠠ ᠪᠤᠯᠤᠨ ᠤᠯᠤᠰ ᠶᠢᠡᠨ ᠬᠠᠢ᠌ᠷᠠᠯᠠᠬᠤ ᠦᠵᠡᠯ ᠤᠨ ᠵᠤᠷᠢᠭ ᠰᠠᠨᠠᠭ᠎ᠠ ᠶᠢ ᠶᠡᠬᠡ ᠬᠦᠴᠦᠯᠡᠴᠡ ᠪᠠᠷ ᠤᠯᠠᠮᠵᠢᠯᠡᠨ ᠪᠠᠳ᠋ᠠᠷᠠᠭᠤᠯᠵᠤ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠳ᠋ᠤ ᠴᠡᠭᠡᠵᠢᠯᠡᠨ᠂ ᠨᠠᠮᠴᠢ ᠴᠢᠨᠠᠷ ᠤᠨ ᠬᠡᠪ ᠰᠤᠷᠳ᠋ᠠᠯ ᠶᠢᠡᠨ ᠴᠢᠩᠭ᠋ᠠᠳᠬᠠᠵᠤ᠂ ᠦᠨᠳ᠋ᠦᠰᠦᠨ ᠬᠠᠦᠯᠢ ᠪᠠ ᠬᠠᠦᠯᠢ ᠴᠠᠭᠠᠵᠠ ᠡᠴᠡ ᠤᠯᠭᠤᠭᠰᠠᠨ ᠲᠤᠰᠢᠶᠠᠯ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠭᠡᠨ᠂《ᠲᠠᠦᠬᠡ ᠶᠢ ᠰᠤᠷᠴᠦ ᠶᠤᠰᠤ ᠤᠴᠢᠷ ᠢ ᠤᠢ᠌ᠯᠠᠭᠠᠨ᠂ ᠲᠡᠦᠬᠡ ᠶᠢ ᠰᠤᠷᠴᠦ ᠢᠳ᠋ᠡᠭᠡᠯ ᠶᠢᠡᠨ ᠨᠡᠮᠡᠭ᠍ᠳ᠋ᠡᠭᠦᠯᠦᠨ᠂ ᠲᠡᠦᠬᠡ ᠶᠢ ᠰᠤᠷᠴᠦ ᠶᠤᠰᠤ ᠰᠤᠷᠳ᠋ᠠᠬᠤᠨ ᠢ ᠡᠷᠬᠢᠮᠯᠡᠨ᠂ ᠲᠡᠦᠬᠡ ᠰᠤᠷᠴᠦ ᠴᠢᠷᠮᠠᠢ᠌ᠨ ᠦᠢᠯᠡᠳ᠋ᠦᠯᠭᠡᠵᠢᠭᠦᠯᠬᠦ》ᠵᠢ ᠦᠨᠡᠨ ᠬᠦ ᠪᠡᠶᠡᠯᠡᠭᠦᠯᠦᠨ᠎ᠠ ᠭᠡᠵᠦ ᠢᠯᠡᠷᠬᠡᠢ᠌ᠯᠡᠵᠡᠭᠡᠪᠡ᠃

ᠬᠤᠷᠠᠯ ᠲᠡᠭᠡᠷ᠎ᠠ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠤᠳ᠋ᠤᠷᠢᠳᠬᠤ ᠲᠤᠭᠤᠢ᠌ᠯᠠᠩ ᠤᠨ ᠱᠦ᠋ᠵᠢ ᠯᠢ ᠴᠸᠩ ᠭᠦᠸᠸ ᠡᠴᠡ ᠬᠤᠰᠢᠭᠤᠨ ᠤ ᠰᠠᠬᠢᠯᠭ᠎ᠠ ᠪᠠᠳ᠋ᠤ ᠪᠠᠢ᠌ᠴᠠᠭᠠᠬᠤ ᠬᠤᠷᠢᠶᠠᠨ ᠤ《〈ᠰᠤᠷᠭᠠᠭᠤᠯᠢ ᠲᠡᠪᠰᠢᠬᠦ ᠲᠠᠢ᠌ᠯᠠᠯᠭᠠ〉᠊ᠤᠨ ᠲᠤᠰᠬᠠᠢ ᠴᠡᠭ᠍ᠴᠡᠯᠡᠨ ᠵᠠᠰᠠᠯᠳ᠋ᠠ ᠶᠢ ᠦᠷᠭᠦᠯᠵᠢᠯᠡᠨ ᠦᠷᠨᠢᠭᠦᠯᠬᠦ ᠲᠤᠬᠠᠢ ᠮᠡᠳ᠋ᠡᠭ᠍ᠳ᠋ᠡᠯ》ᠪᠠ ᠬᠤᠰᠢᠭᠤᠨ ᠤ ᠨᠠᠮ ᠤᠨ ᠬᠤᠷᠢᠶᠠᠨ ᠤ ᠵᠤᠬᠢᠶᠠᠨ ᠪᠠᠢ᠌ᠭᠤᠯᠬᠤ ᠬᠡᠯᠳ᠋ᠡᠰ ᠤᠨ 《2020 ᠤᠨ ᠤ ᠪᠦᠬᠦ ᠬᠤᠰᠢᠭᠤᠨ ᠤ ᠲᠡᠳ᠋ ᠰᠠᠯᠠᠭᠠᠨ ᠲᠡᠰ ᠡᠴᠡ ᠲᠡᠭᠡᠭ᠍ᠰᠢᠬᠢ ᠺᠠᠳ᠋ᠷ᠂ ᠠᠯᠪᠠᠳ᠋ᠠᠨ (ᠠᠯᠪᠠᠳ᠋ᠠᠨ ᠊ᠦ ᠬᠠᠦᠯᠢ ᠪᠠᠷ ᠯᠠᠪᠯᠠᠯᠳ᠋ᠠ ᠪᠤᠯᠭᠠᠭᠰᠠᠨ ᠬᠠᠮᠢᠶᠠᠷᠤᠯᠳ᠋ᠠ ᠶᠢᠨ ᠠᠵᠢᠯᠳ᠋ᠡᠨ) ᠪᠠ ᠨᠠᠮ ᠤᠯᠠᠨ ᠲᠦ᠋ᠮᠡᠨ ᠤ ᠰᠢᠰᠲ᠋ᠸᠮ ᠤᠨ ᠺᠠᠳ᠋ᠷ ᠢ ᠬᠢᠨᠠᠨ ᠰᠢᠯᠭᠠᠭᠰᠠᠨ ᠦᠷ᠎ᠠ ᠳ᠋ᠦ᠋ᠩ ᠤᠨ ᠲᠤᠬᠠᠢ ᠵᠠᠷᠯᠠᠯ》᠊ᠢ ᠤᠯᠠᠮᠵᠢᠯᠠᠵᠤ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠡᠭᠦᠷ ᠤᠨ ᠵᠤᠬᠢᠶᠠᠨ ᠪᠠᠢ᠌ᠭᠤᠯᠬᠤ ᠭᠡᠰᠢᠭᠦᠨ ᠪᠤᠤ ᠴᠡᠭᠡᠯᠭᠡᠨ ᠡᠴᠡ ᠲᠦ᠋ᠩᠯᠢᠶᠤᠤ ᠬᠤᠳ᠋ᠠ ᠶᠢᠨ ᠨᠠᠮ ᠤᠨ ᠬᠤᠷᠢᠶᠠᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠶᠢᠨ ᠨᠢ᠋ᠮᠠᠳ᠋ᠤᠭᠠᠷ ᠲᠤᠭᠤᠷᠢᠨ ᠪᠠᠢ᠌ᠴᠠᠭᠠᠬᠤ ᠵᠢᠯᠤᠭᠤᠳᠬᠤ ᠲᠤᠭᠤᠢ᠌ᠯᠠᠩ ᠤᠨ ᠲᠠᠷᠤᠭ᠎ᠠ ᠮᠸᠨ ᠱᠦ ᠭᠦᠢ᠂ ᠬᠤᠰᠢᠭᠤᠨ ᠤ ᠨᠠᠮ ᠤᠨ ᠬᠤᠷᠢᠶᠠᠨ ᠤ ᠱᠦ᠋ᠵᠢ ᠪᠠᠢ ᠯᠢ ᠵᠦ ᠶᠢᠨ ᠵᠠᠷᠤᠳ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢᠯ ᠊ᠤᠨ ᠠᠵᠢᠯ ᠢ ᠠᠬᠢᠭᠤᠯᠬᠤ ᠬᠤᠷᠠᠯ ᠵᠢᠴᠢ ᠬᠤᠶᠠᠳ᠋ᠤᠭᠠᠷ ᠬᠤᠭᠤᠴᠠᠭᠠᠨ ᠤ ᠲᠤᠰᠬᠠᠢ ᠰᠡᠳ᠋ᠦᠪᠳ᠋ᠦ ᠨᠤᠮ ᠤᠩᠰᠢᠬᠤ ᠠᠩᠭᠢ ᠳᠤ ᠶᠠᠷᠢᠭᠰᠠᠨ ᠶᠠᠷᠢᠶᠠᠨ ᠤ ᠵᠤᠷᠢᠭ ᠰᠠᠨᠠᠭ᠎ᠠ ᠶᠢ ᠤᠯᠠᠮᠵᠢᠯᠠᠪᠠ᠃

ᠬᠤᠷᠠᠯ ᠤᠨ ᠲᠠᠷᠠᠭ᠎ᠠ᠂ ᠪᠦᠬᠦ ᠺᠠᠳ᠋ᠷ ᠠᠵᠢᠯᠳ᠋ᠡᠨ ᠨᠢᠭᠤᠴᠠ ᠶᠢ ᠬᠠᠮᠠᠭᠠᠯᠠᠬᠤ ᠮᠡᠳ᠋ᠡᠯᠭᠡ ᠶᠢᠨ ᠰᠤᠷᠢᠯᠳ᠋ᠠ ᠳᠤ ᠤᠷᠤᠯᠴᠠᠬᠤ ᠶᠢᠨ ᠬᠠᠮᠳ᠋ᠤ《ᠵᠠᠷᠤᠳ ᠬᠤᠰᠢᠭᠤᠨ ᠤ ᠨᠠᠮ ᠤᠨ ᠭᠡᠰᠢᠭᠦᠨ ᠺᠠᠳ᠋ᠷ ᠠᠵᠢᠯᠳ᠋ᠡᠨ ᠪᠠ ᠨᠡᠢ᠌ᠳ᠋ᠡ ᠶᠢᠨ ᠡᠷᠭᠡ ᠶᠢ ᠬᠡᠷᠡᠭ᠍ᠵᠢᠭᠦᠯᠵᠦ ᠪᠠᠢ᠌ᠭ᠎ᠠ ᠬᠦᠮᠦᠰ〈ᠰᠤᠷᠭᠠᠭᠤᠯᠢ ᠲᠠᠪᠰᠢᠬᠦ ᠲᠠᠢ᠌ᠯᠠᠯᠭᠠ〉ᠵᠢᠨ ᠲᠤᠭᠳ᠋ᠠᠭᠠᠯ ᠢ ᠵᠦ᠋ᠷᠢᠴᠡᠵᠦ ᠡᠷᠬᠢᠯᠡᠬᠦ ᠦᠭᠡᠶ ᠪᠠ ᠤᠷᠤᠯᠴᠠᠬᠤ ᠦᠭᠡᠶ ᠭᠡᠬᠦ ᠠᠮᠠᠯᠠᠯᠳ᠋ᠠ ᠶᠢᠨ ᠪᠢᠴᠢᠭ᠌》ᠲᠡᠭᠡᠷ᠎ᠠ ᠭᠠᠷ ᠤᠨ ᠦᠰᠦᠭ᠌ ᠵᠢᠷᠤᠵᠤ᠂ ᠪᠠᠢ᠌ᠭᠤᠯᠭ᠎ᠠ ᠶᠢᠨ ᠨᠠᠮ ᠤᠨ ᠭᠡᠰᠢᠭᠦᠨ ᠺᠠᠳ᠋ᠷ ᠤᠨ ᠪᠤᠳ᠋ᠠᠳ᠋ᠤ ᠪᠠᠢ᠌ᠳ᠋ᠠᠯ ᠢ ᠦᠨᠳ᠋ᠦᠰᠦᠯᠡᠨ《ᠵᠠᠷᠤᠳ ᠬᠤᠰᠢᠭᠤᠨ ᠤ ᠨᠠᠮ ᠤᠨ ᠭᠡᠰᠢᠭᠦᠨ ᠺᠠᠳ᠋ᠷ ᠪᠠ ᠨᠡᠢ᠌ᠳ᠋ᠡ ᠶᠢᠨ ᠡᠷᠭᠡ ᠶᠢ ᠬᠡᠷᠡᠭ᠍ᠵᠢᠭᠦᠯᠵᠦ ᠪᠠᠢ᠌ᠭ᠎ᠠ ᠬᠦᠮᠦᠰ ᠤᠨ ᠦᠷ᠎ᠠ ᠬᠡᠦᠬᠡᠳ ᠤᠨ ᠰᠤᠷᠭᠠᠭᠤᠯᠢ ᠲᠠᠪᠰᠢᠭ᠍ᠰᠡᠨ ᠪᠠᠢ᠌ᠳ᠋ᠠᠯ ᠤᠨ ᠪᠦᠷᠢᠳᠭᠡᠯ ᠤᠨ ᠬᠦᠰᠦᠨᠦᠭ᠍ᠳ᠋ᠦ》ᠲᠡᠭᠡᠷ᠎ᠠ ᠦᠨᠡᠨ ᠪᠤᠳ᠋ᠠᠳ᠋ᠠᠢ ᠪᠠᠷ ᠲᠠᠭᠯᠠᠪᠠ᠃(ᠯᠸᠢ ᠫᠠᠩ)