ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠸᠠᠩ ᠶᠠᠩ ᠨᠦ᠋ᠬᠦᠷ ᠤᠨ ᠦᠪᠦᠷ ᠮᠤᠩᠭ᠋ᠤᠯ ᠤᠨ ᠦᠪᠡᠷᠳ᠋ᠡᠭᠡᠨ ᠵᠠᠰᠠᠬᠤ ᠤᠷᠤᠨ ᠳᠤ ᠪᠠᠢ᠌ᠴᠠᠭᠠᠨ ᠰᠤᠳ᠋ᠤᠯᠬᠤ ᠦᠶᠡᠰ ᠤᠨ ᠶᠠᠷᠢᠶᠠᠨ ᠤ ᠵᠤᠷᠢᠭ ᠰᠠᠨᠠᠭ᠎ᠠ ᠶᠢ ᠤᠯᠠᠮᠵᠢᠯᠡᠨ ᠰᠤᠷᠤᠯᠴᠠᠪᠠ

ᠦᠪᠡᠷᠳ᠋ᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠬᠤᠳ᠋ᠠ ᠶᠢᠨ ᠨᠠᠮ ᠤᠨ ᠬᠤᠷᠢᠶ᠎ᠠ ᠪᠠ ᠬᠤᠳ᠋ᠠ ᠶᠢᠨ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠬᠠᠮᠢᠶ᠎ᠠ ᠪᠦᠬᠦᠢ ᠱᠠᠭᠠᠷᠳ᠋ᠠᠯᠭ᠎ᠠ ᠶᠤᠰᠤᠭᠠᠷ᠂ 6 ᠰᠠᠷ᠎ᠠ ᠶᠢᠨ 2᠊ᠦ ᠡᠳ᠋ᠦᠷ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠪᠦᠬᠦ ᠤᠯᠤᠰ ᠤᠨ ᠱᠠᠳ᠋ᠤᠨ ᠤ ᠠᠷᠠᠳ ᠤᠨ ᠲᠦ᠋ᠯᠦᠭᠡᠯᠡᠭ᠍ᠴᠢ᠂ ᠦᠪᠡᠷᠳ᠋ᠡᠭᠡᠨ ᠵᠠᠰᠠᠬᠤ ᠤᠷᠤᠨ ᠤ ᠱᠠᠳ᠋ᠤᠨ ᠤᠨ ᠠᠷᠠᠳ ᠤᠨ ᠲᠦ᠋ᠯᠦᠭᠡᠯᠡᠭ᠍ᠴᠢ ᠪᠠ ᠭᠤᠤᠯ ᠬᠤᠳ᠋ᠠ ᠶᠢᠨ ᠲᠤᠭᠤᠷᠢᠭ ᠲᠤ ᠰᠠᠭᠤᠵᠤ ᠪᠠᠢ᠌ᠭ᠎ᠠ ᠬᠤᠳ᠋ᠠ᠂ ᠬᠤᠰᠢᠭᠤᠨ ᠱᠠᠳ᠋ᠤᠨ ᠤ ᠠᠷᠠᠳ ᠤᠨ ᠲᠦ᠋ᠯᠦᠭᠡᠯᠡᠭ᠍ᠴᠢ ᠵᠢᠴᠢ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠪᠦᠬᠦ ᠺᠠᠳ᠋ᠷᠴᠤᠳ ᠢ ᠵᠤᠬᠢᠶᠠᠨ ᠪᠠᠢ᠌ᠭᠤᠯᠵᠤ ᠸᠠᠩ ᠶᠠᠩ ᠨᠦ᠋ᠬᠦᠷ ᠤᠨ ᠦᠪᠦᠷ ᠮᠤᠩᠭ᠋ᠤᠯ ᠤᠨ ᠦᠪᠡᠷᠳ᠋ᠡᠭᠡᠨ ᠵᠠᠰᠠᠬᠤ ᠤᠷᠤᠨ ᠳᠤ ᠪᠠᠢ᠌ᠴᠠᠭᠠᠨ ᠰᠤᠳ᠋ᠤᠯᠬᠤ ᠦᠶᠡᠰ ᠤᠨ ᠶᠠᠷᠢᠶᠠᠨ ᠤ ᠵᠤᠷᠢᠭ ᠰᠠᠨᠠᠭ᠎ᠠ ᠶᠢ ᠤᠯᠠᠮᠵᠢᠯᠡᠨ ᠰᠤᠷᠤᠯᠴᠠᠵᠤ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠦ ᠴᠢᠩ ᠬᠠᠢ᠂ ᠲᠡᠳ᠋ ᠡᠷᠬᠢᠯᠡᠭ᠍ᠴᠢ ᠪᠥ᠋ ᠮᠤᠤ ᠰᠢᠶᠠᠩ᠂ ᠰᠦ᠋ᠩ ᠯᠢᠶᠠᠨ ᠡᠾᠦ᠋ᠢ ᠬᠤᠷᠠᠯ ᠳᠤ ᠰᠠᠭᠠᠳ᠋ᠠᠵᠤ᠂ ᠬᠤᠷᠠᠯ ᠢ ᠡᠦ ᠴᠢᠩ ᠬᠠᠢ ᠡᠷᠬᠢᠯᠡᠪᠡ᠃

ᠬᠤᠷᠠᠯ ᠲᠡᠭᠡᠷ᠎ᠠ᠂ ᠡᠦ ᠴᠢᠩ ᠬᠠᠢ ᠨᠠᠮ ᠤᠨ ᠲᠦ᠋ᠪ ᠬᠤᠷᠢᠶᠠᠨ ᠤ ᠤᠯᠤᠰ ᠲᠦ᠋ᠷᠦ ᠶᠢᠨ ᠲᠤᠪᠴᠢᠶᠠᠨ ᠤ ᠪᠠᠢ᠌ᠩᠭ᠋ᠤ ᠶᠢᠨ ᠭᠡᠰᠢᠭᠦᠨ᠂ ᠪᠦᠬᠦ ᠤᠯᠤᠰ ᠤᠨ ᠤᠯᠤᠰ ᠲᠦ᠋ᠷᠦ ᠶᠢᠨ ᠵᠦ᠋ᠪᠯᠡᠯᠭᠡᠨ ᠤ ᠲᠡᠷᠢᠭᠦᠯᠡᠭ᠍ᠴᠢ ᠸᠠᠩ ᠶᠠᠩ ᠤᠨ ᠦᠪᠦᠷ ᠮᠤᠩᠭ᠋ᠤᠯ ᠤᠨ ᠦᠪᠡᠷᠳ᠋ᠡᠭᠡᠨ ᠵᠠᠰᠠᠬᠤ ᠤᠷᠤᠨ ᠳᠤ ᠪᠠᠢ᠌ᠴᠠᠭᠠᠨ ᠰᠤᠳ᠋ᠤᠯᠬᠤ ᠦᠶᠡᠰ ᠤᠨ ᠶᠠᠷᠢᠶᠠᠨ ᠤ ᠵᠤᠷᠢᠭ ᠰᠠᠨᠠᠭ᠎ᠠ ᠶᠢ ᠤᠯᠠᠮᠵᠢᠯᠡᠨ ᠰᠤᠷᠤᠯᠴᠠᠬᠤ ᠶᠢᠨ ᠬᠠᠮᠳ᠋ᠤ ᠶᠠᠷᠢᠶᠠᠨ ᠤ ᠵᠤᠷᠢᠭ ᠰᠠᠨᠠᠭ᠎ᠠ ᠶᠢ ᠤᠯᠠᠮ ᠨᠢᠭᠡ ᠠᠯᠬᠤᠮ ᠲᠤᠭᠤᠰᠢᠯᠠᠭᠤᠯᠤᠨ ᠨᠠᠢ᠌ᠳ᠋ᠠᠪᠤᠷᠢᠵᠢᠭᠤᠯᠬᠤ ᠲᠤᠬᠠᠢ ᠪᠤᠳ᠋ᠠᠳ᠋ᠠᠢ ᠱᠠᠭᠠᠷᠳ᠋ᠠᠯᠭ᠎ᠠ ᠲᠤᠷᠠᠳ᠋ᠤᠪᠠ᠃ (ᠯᠸᠢ ᠫᠠᠩ)