ᠤᠳᠤ ᠶᠢᠨ ᠪᠠᠢ᠌ᠷᠢ᠄ ᠨᠠᠮ ᠤᠨ ᠪᠦᠳᠤᠭᠡᠨ ᠪᠠᠢ᠌ᠭᠤᠯᠤᠯᠳᠠ ᠶᠢᠨ ᠠᠵᠢᠯ → ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ᠁
ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠭᠦᠨᠵᠡᠭᠡᠢ ᠰᠤᠷᠤᠯᠴᠡᠨ ᠨᠠᠷᠢᠯᠢᠭ ᠰᠤᠳ᠋ᠤᠯᠵᠤ ᠨᠠᠢ᠌ᠳ᠋ᠠᠪᠤᠷᠢᠵᠢᠭᠤᠯᠤᠯᠳ᠋ᠠ ᠶᠢ ᠴᠢᠩᠭ᠎ᠠ ᠠᠳᠬᠤᠨ ᠰᠤᠷᠤᠯᠴᠠᠯᠭ᠎ᠠ ᠶᠢᠨ ᠦᠷ᠎ᠠ ᠪᠦᠳ᠋ᠦᠭᠡᠯ ᠢ ᠦᠨᠡᠨ ᠬᠦ ᠪᠠᠳ᠋ᠤᠯᠠᠪᠠ


       
              6 ᠰᠠᠷ᠎ᠠ ᠶᠢᠨ 4 ᠊ᠦ ᠡᠳ᠋ᠦᠷ ᠤᠨ ᠦᠳ᠋ᠡ ᠶᠢᠨ ᠬᠤᠢ᠌ᠨ᠎ᠠ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠪᠦᠬᠦ ᠨᠠᠮ ᠤᠨ ᠭᠡᠰᠢᠭᠦᠨ ᠢ ᠵᠤᠬᠢᠶᠠᠨ ᠪᠠᠢ᠌ᠭᠤᠯᠵᠤ ᠸᠠᠩ ᠶᠠᠩ ᠨᠦ᠋ᠬᠦᠷ ᠤᠨ ᠦᠪᠦᠷ ᠮᠤᠩᠭ᠋ᠤᠯ ᠳᠤ ᠪᠠᠢ᠌ᠴᠠᠭᠠᠨ ᠰᠤᠳ᠋ᠤᠯᠤᠯᠳ᠋ᠠ ᠬᠢᠬᠦ ᠦᠶᠡᠰ ᠤᠨ ᠶᠠᠷᠢᠶᠠᠨ ᠤ ᠵᠤᠷᠢᠭ ᠰᠠᠨᠠᠭ᠎ᠠ᠂ ᠪᠦᠬᠦ ᠬᠤᠰᠢᠭᠤᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢᠯ ᠤᠨ ᠠᠵᠢᠯ ᠢ ᠠᠬᠢᠭᠤᠯᠬᠤ ᠬᠤᠷᠠᠯ ᠤᠨ ᠵᠤᠷᠢᠭ ᠰᠠᠨᠠᠭ᠎ᠠ᠂《ᠰᠢᠨ᠎ᠠ ᠴᠠᠭ ᠦᠶ᠎ᠠ ᠶᠢᠨ ᠪᠦᠬᠦ ᠬᠤᠰᠢᠭᠤᠨ ᠤ ᠦᠵᠡᠯ ᠤᠬᠠᠮᠰᠡᠷ ᠤᠨ ᠬᠡᠯᠪᠡᠷᠢ ᠶᠢᠨ ᠠᠵᠢᠯ ᠢ ᠴᠢᠩᠭ᠋ᠠᠳᠬᠠᠬᠤ ᠰᠠᠨᠠᠯ》᠂《ᠲᠤᠮᠳ᠋ᠠᠳ᠋ᠤ ᠤᠯᠤᠰ ᠤᠨ ᠡᠪ ᠬᠠᠮᠳ᠋ᠤ ᠨᠠᠮ ᠤᠨ ᠵᠤᠬᠢᠶᠠᠨ ᠪᠠᠢ᠌ᠭᠤᠯᠤᠯᠳ᠋ᠠ ᠶᠢᠨ ᠰᠢ᠌ᠳᠪᠤᠷᠢᠯᠡᠬᠦ ᠲᠤᠭᠳ᠋ᠠᠭᠠᠯ (ᠲᠤᠷᠰᠢᠨ ᠬᠡᠷᠡᠭ᠍ᠵᠢᠭᠦᠯᠬᠦ)》᠂《ᠲᠤᠮᠳ᠋ᠠᠳ᠋ᠤ ᠤᠯᠤᠰ ᠤᠨ ᠡᠪ ᠬᠠᠮᠳ᠋ᠤ ᠨᠠᠮ ᠤᠨ ᠵᠤᠬᠢᠶᠠᠨ ᠪᠠᠢ᠌ᠭᠤᠯᠤᠯᠳ᠋ᠠ ᠶᠢᠨ ᠠᠵᠢᠯ ᠤᠨ ᠲᠦ᠋ᠷᠢᠮ》ᠵᠡᠷᠭᠡ ᠠᠭᠤᠯᠭ᠎ᠠ ᠶᠢ ᠲᠦ᠋ᠪᠯᠡᠷᠡᠨ ᠰᠤᠷᠤᠯᠴᠠᠵᠤ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠤᠳ᠋ᠤᠷᠢᠳᠬᠤ ᠲᠤᠭᠤᠢ᠌ᠯᠠᠩ ᠤᠨ ᠱᠦ᠋ᠵᠢ᠂ ᠡᠷᠬᠢᠯᠡᠭ᠍ᠴᠢ ᠡᠦ ᠴᠢᠩ ᠬᠠᠢ ᠬᠤᠷᠠᠯ ᠳᠤ ᠰᠠᠭᠠᠳ᠋ᠠᠵᠤ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠤᠳ᠋ᠤᠷᠢᠳᠬᠤ ᠲᠤᠭᠤᠢ᠌ᠯᠠᠩ ᠤᠨ ᠱᠦ᠋ᠵᠢ ᠯᠢ ᠴᠸᠩ ᠭᠦᠸᠸ ᠬᠤᠷᠠᠯ ᠡᠷᠬᠢᠯᠡᠬᠦ ᠶᠢᠨ ᠬᠠᠮᠳ᠋ᠤ ᠲᠠᠭᠠᠭᠤᠯᠤᠨ ᠰᠤᠷᠤᠯᠴᠠᠪᠠ᠃

       


       
               ᠬᠤᠷᠠᠯ ᠡᠴᠡ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠡᠭᠦᠷ ᠸᠠᠩ ᠶᠠᠩ ᠨᠦ᠋ᠬᠦᠷ ᠤᠨ ᠦᠪᠦᠷ ᠮᠤᠩᠭ᠋ᠤᠯ ᠳᠤ ᠢᠷᠡᠵᠦ ᠪᠠᠢ᠌ᠴᠠᠭᠠᠨ ᠰᠤᠳ᠋ᠤᠯᠤᠯᠳ᠋ᠠ ᠬᠢᠬᠦ ᠦᠶᠡᠰ ᠤᠨ ᠵᠤᠷᠢᠭ ᠰᠠᠨᠠᠭ᠎ᠠ ᠶᠢ ᠲᠤᠭᠤᠰᠢᠯᠠᠭᠤᠯᠤᠨ ᠨᠠᠢ᠌ᠳ᠋ᠠᠪᠤᠷᠢᠵᠢᠭᠤᠯᠬᠤ ᠶᠢ ᠤᠳ᠋ᠤᠬᠠᠨ ᠤ ᠪᠠ ᠬᠤᠢ᠌ᠰᠢᠳ᠋ᠡ ᠶᠢᠨ ᠨᠢᠭᠡ ᠬᠤᠭᠤᠴᠠᠭᠠᠨ ᠤ ᠴᠢᠬᠤᠯᠠ ᠤᠯᠤᠰ ᠲᠦ᠋ᠷᠦ ᠶᠢᠨ ᠡᠭᠦᠷᠭᠡ ᠪᠤᠯᠭᠠᠨ᠂ ᠲᠤᠰ ᠪᠡᠶ᠎ᠠ ᠶᠢᠨ ᠠᠵᠢᠯ ᠤᠨ ᠪᠠᠢ᠌ᠷᠢ ᠳᠠᠭᠠᠨ ᠰᠠᠭᠤᠷᠢᠯᠠᠵᠤ᠂ ᠵᠦ᠋ᠪ ᠤᠨᠤᠪᠴᠢᠳ᠋ᠠᠢ  ᠤᠯᠤᠰ ᠤᠨ ᠦᠵᠡᠯᠳ᠋ᠡ᠂ ᠲᠡᠦᠬᠡ ᠶᠢᠨ ᠦᠵᠡᠯᠳ᠋ᠡ᠂ ᠦᠨᠳ᠋ᠦᠰᠦᠳ᠋ᠡᠨ ᠤ ᠦᠵᠡᠯᠳ᠋ᠡ᠂ ᠰᠤᠶᠤᠯ ᠤᠨ ᠦᠵᠡᠯᠳ᠋ᠡ᠂ ᠱᠠᠰᠢᠨ ᠰᠤᠷᠳ᠋ᠠᠬᠤᠨ ᠤ ᠦᠵᠡᠯᠳ᠋ᠡ ᠶᠢ ᠪᠤᠢ ᠪᠤᠯᠭᠠᠵᠤ᠂《ᠲᠦ᠋ᠷᠪᠡᠨ ᠤᠬᠠᠮᠰᠡᠷ》᠊ᠢ ᠤᠯᠠᠮ ᠨᠢᠭᠡ ᠠᠯᠬᠤᠮ ᠴᠢᠩᠭ᠋ᠠᠳᠬᠠᠨ᠂《ᠲᠦ᠋ᠷᠪᠡᠨ ᠢᠳ᠋ᠡᠭᠡᠯ》᠊ᠢ ᠪᠠᠳ᠋ᠤᠳᠬᠠᠵᠤ᠂《ᠬᠤᠶᠠᠷ ᠢ ᠬᠠᠮᠠᠭᠠᠯᠠᠬᠤ》ᠵᠢ ᠪᠡᠶᠡᠯᠡᠭᠦᠯᠬᠦ ᠬᠡᠷᠡᠭ᠍ᠳ᠋ᠠᠢ ᠭᠡᠵᠦ ᠱᠠᠭᠠᠷᠳ᠋ᠠᠵᠠᠢ᠃ 

     
              ᠬᠤᠷᠠᠯ ᠡᠴᠡ᠂ ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢᠯ ᠢ ᠬᠠᠷᠠᠯᠳ᠋ᠠ ᠱᠠᠭᠠᠷᠳ᠋ᠠᠯᠭ᠎ᠠ᠂ ᠰᠤᠷᠤᠯᠴᠠᠯᠭ᠎ᠠ ᠶᠢᠨ ᠭᠤᠤᠯᠳ᠋ᠠᠯᠭ᠎ᠠ ᠶᠢᠨ ᠲᠤᠭᠤᠷᠢᠨ ᠳᠤ ᠲᠦ᠋ᠯᠬᠢᠨ ᠠᠬᠢᠭᠤᠯᠵᠤ᠂ ᠨᠠᠮ ᠤᠨ ᠡᠭᠦᠷ ᠨᠢ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠤᠨᠴᠠᠯᠢᠭ ᠢ ᠡᠵᠡᠮᠳ᠋ᠡᠨ᠂《ᠲᠤᠭᠳ᠋ᠠᠭᠰᠠᠨ ᠨᠤᠮ》᠊ᠢ ᠰᠠᠢ᠌ᠳ᠋ᠤᠷ ᠰᠤᠷᠤᠯᠴᠠᠵᠤ᠂《ᠰᠤᠷᠤᠯᠴᠠᠯᠭ᠎ᠠ ᠶᠢᠨ ᠬᠦᠴᠦᠷᠬᠡᠭ᠌ ᠤᠯᠤᠰ》᠊ᠢ ᠰᠠᠢ᠌ᠳ᠋ᠤᠷ ᠬᠡᠷᠡᠭᠯᠡᠨ᠂《ᠬᠠᠮᠳ᠋ᠤᠪᠠᠷ ᠶᠠᠷᠢᠯᠴᠠᠬᠤ》ᠵᠢ ᠰᠠᠢ᠌ᠳ᠋ᠤᠷ ᠠᠳᠬᠤᠵᠤ᠂ 《ᠲᠤᠬᠠᠢ ᠶᠢᠨ ᠲᠠᠯᠠᠪᠠᠢ ᠶᠢᠨ ᠵᠢᠭᠠᠨ ᠰᠤᠷᠭᠠᠯᠳ᠋ᠠ》ᠵᠢ ᠰᠠᠢ᠌ᠳ᠋ᠤᠷ ᠰᠤᠷᠴᠦ᠂《ᠤᠬᠠᠭᠤᠯᠤᠨ ᠲᠠᠢ᠌ᠯᠪᠤᠷᠢᠯᠠᠵᠤ ᠬᠠᠪᠰᠤᠷᠤᠨ ᠵᠢᠯᠤᠭᠤᠳᠬᠤ》ᠵᠢ ᠰᠠᠢ᠌ᠳ᠋ᠤᠷ ᠡᠷᠬᠢᠯᠡᠨ᠂ 《ᠵᠤᠬᠢᠶᠠᠨ ᠪᠠᠢ᠌ᠭᠤᠯᠤᠯᠳ᠋ᠠ ᠶᠢᠨ ᠠᠮᠢᠳ᠋ᠤᠷᠠᠯ ᠤᠨ ᠬᠤᠷᠠᠯ》᠊ᠢ ᠰᠠᠢ᠌ᠳ᠋ᠤᠷ ᠬᠤᠷᠠᠯᠳ᠋ᠤᠭᠤᠯᠵᠤ᠂ ᠨᠠᠮ ᠤᠨ ᠰᠢᠨ᠎ᠠ ᠶᠢ ᠡᠭᠦᠳᠬᠦ ᠤᠨᠤᠯ ᠲᠡᠭᠡᠷ᠎ᠠ ᠬᠦᠴᠦ ᠲᠠᠯᠪᠢᠬᠤ ᠬᠡᠷᠡᠭ᠍ᠳ᠋ᠠᠢ᠃ ᠦᠵᠡᠯ ᠤᠬᠠᠮᠰᠡᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦ᠋ᠷᠢᠮ ᠢ ᠴᠢᠩᠭ᠎ᠠ ᠨᠠᠢ᠌ᠳ᠋ᠠᠪᠤᠷᠢᠵᠢᠭᠤᠯᠤᠨ᠂ ᠦᠵᠡᠯ ᠤᠬᠠᠮᠰᠡᠷ ᠤᠨ ᠬᠡᠯᠪᠡᠷᠢ ᠶᠢᠨ ᠬᠦᠷᠢᠶ᠎ᠠ ᠬᠡᠪᠴᠢᠶᠡᠨ ᠤ ᠠᠵᠢᠯ ᠤᠨ ᠡᠯ᠎ᠠ ᠲᠦ᠋ᠷᠦᠯ ᠤᠨ ᠱᠠᠭᠠᠷᠳ᠋ᠠᠯᠭ᠎ᠠ ᠶᠢ ᠰᠠᠢ᠌ᠳ᠋ᠤᠷ ᠪᠡᠶᠡᠯᠡᠭᠦᠯᠵᠦ᠂ ᠰᠦ᠋ᠯᠵᠢᠶᠡᠨ ᠤ ᠦᠵᠡᠯ ᠤᠬᠠᠮᠰᠡᠷ ᠤᠨ ᠬᠡᠯᠪᠡᠷᠢ ᠶᠢᠨ ᠬᠦᠷᠢᠶ᠎ᠠ ᠬᠡᠪᠴᠢᠶᠡᠨ ᠤ ᠠᠵᠢᠯ ᠢ ᠴᠢᠩᠭ᠋ᠠᠳᠬᠠᠨ᠂ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠶᠠᠷᠢᠶ᠎ᠠ ᠬᠡᠯᠡᠯᠴᠡᠭᠡᠨ ᠤ ᠤᠬᠠᠭᠤᠯᠭ᠎ᠠ ᠶᠢᠨ ᠠᠴᠢᠶᠠᠯᠠᠪᠤᠷᠢ ᠶᠢᠨ ᠪᠦᠳ᠋ᠦᠭᠡᠨ ᠪᠠᠢ᠌ᠭᠤᠯᠤᠯᠳ᠋ᠠ ᠶᠢ ᠴᠢᠩᠭ᠋ᠠᠷᠠᠭᠤᠯᠵᠤ᠂ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠭᠦᠳ᠋ᠡᠨ ᠰᠦ᠋ᠯᠵᠢᠶᠡᠨ ᠤ ᠦᠷᠳ᠋ᠡᠭᠡ᠂  ᠲᠠᠪᠴᠠᠩ ᠤᠨ ᠦᠢᠯᠡᠳ᠋ᠦᠯ ᠢ ᠰᠠᠢ᠌ᠳ᠋ᠤᠷ ᠪᠠᠳ᠋ᠠᠷᠠᠭᠤᠯᠤᠨ᠂ ᠤᠯᠠᠨ ᠲᠦ᠋ᠮᠡᠨ ᠤ ᠬᠦᠰᠡᠯ ᠱᠠᠭᠠᠷᠳ᠋ᠠᠯᠭ᠎ᠠ ᠶᠢ ᠠᠩᠬᠠᠷᠤᠯ ᠲᠠᠯᠪᠢᠨ ᠰᠤᠨᠤᠰᠴᠦ᠂ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠢᠳ᠋ᠡᠪᠬᠢ ᠬᠦᠴᠦᠨ ᠢ ᠤᠬᠠᠭᠤᠯᠵᠤ ᠲᠠᠮᠵᠢᠭᠤᠯᠤᠨ᠂ ᠦᠵᠡᠯ ᠰᠠᠨᠠᠭᠠᠨ ᠤ ᠤᠢ᠌ᠯᠠᠭᠠᠭᠳ᠋ᠠᠬᠤᠨ ᠤ ᠲᠠᠯ᠎ᠠ ᠪᠠᠷ ᠦᠨᠡᠨ ᠬᠦ《ᠰᠢᠨᠡᠳᠭᠡᠬᠦ》᠂ ᠴᠢᠳ᠋ᠠᠪᠤᠷᠢ ᠬᠡᠪ ᠴᠢᠨᠠᠷ ᠤᠨ ᠲᠠᠯ᠎ᠠ ᠪᠠᠷ 《ᠲᠡᠰ ᠲᠡᠪᠰᠢᠭᠦᠯᠬᠦ》᠂ ᠠᠵᠢᠯ ᠤᠨ ᠠᠷᠭ᠎ᠠ ᠬᠡᠯᠪᠡᠷᠢ ᠶᠢᠨ ᠲᠠᠯ᠎ᠠ ᠪᠠᠷ《ᠶᠠᠰᠦ ᠴᠢᠨᠠᠷ ᠢ ᠲᠡᠭᠡᠭ᠍ᠰᠢᠯᠡᠭᠦᠯᠦᠨ ᠦᠷ᠎ᠠ ᠠᠰᠢᠭ ᠢ ᠨᠡᠮᠡᠭ᠍ᠳ᠋ᠡᠭᠦᠯᠬᠦ》ᠵᠢ ᠦᠨᠡᠨ ᠬᠦ ᠪᠡᠶᠡᠯᠡᠭᠦᠯᠬᠦ ᠬᠡᠷᠡᠭ᠍ᠳ᠋ᠠᠢ ᠭᠡᠵᠦ ᠱᠠᠭᠠᠷᠳ᠋ᠠᠵᠠᠢ᠃ (ᠯᠸᠢ ᠫᠠᠩ)

ᠡᠮᠦᠨᠡᠬᠢ᠄ ᠵᠠᠷᠤᠳ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ《ᠪᠤᠯᠪᠠᠰᠤᠨ ᠬᠤᠳ᠋ᠠ ᠶᠢ ᠡᠭᠦᠳ᠋ᠦᠨ ᠪᠠᠢ᠌ᠭᠤᠯᠬᠤ ᠳᠤ ᠰᠠᠢ᠌ᠨ ᠲᠤᠷ᠎ᠠ ᠡᠴᠡ ᠪᠠᠨ ᠦᠢᠯᠡᠴᠢᠯᠡᠵᠦ ᠬᠦᠴᠦᠨ ᠨᠡᠮᠡᠷᠢᠯᠡᠬᠦ》ᠠᠵᠢᠯᠯᠠᠭ᠎ᠠ ᠦᠷᠨᠢᠭᠦᠯᠪᠡ
ᠳᠠᠷᠠᠭᠠᠬᠢ᠄ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢᠯ ᠤᠨ ᠲᠤᠰᠬᠠᠢ ᠰᠡᠳ᠋ᠦᠪᠳ᠋ᠦ ᠨᠤᠮ ᠤᠩᠰᠢᠯᠭ᠎ᠠ ᠶᠢᠨ ᠠᠩᠭᠢ ᠡᠷᠬᠢᠯᠡᠪᠡ