6 ᠰᠠᠷ᠎ᠠ ᠶᠢᠨ 7᠊ᠦ ᠡᠳ᠋ᠦᠷ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠦ ᠴᠢᠩ ᠬᠠᠢ ᠤᠷᠢᠳ ᠬᠤᠵᠢᠳ ᠭᠡᠷᠴᠢᠯᠠᠭᠤ ᠰᠤᠮᠤ᠂ ᠪᠠᠶᠠᠷᠳ᠋ᠤᠬᠤᠰᠢᠭᠤ ᠪᠠᠯᠭᠠᠰᠤᠨ ᠳᠤ ᠬᠦᠷᠴᠦ᠂ ᠮᠠᠯ ᠠᠵᠤ ᠠᠬᠤᠢ ᠶᠢᠨ ᠬᠦᠭ᠍ᠵᠢᠯᠳ᠋ᠡ᠂ ᠠᠮᠢ ᠠᠬᠤᠢ ᠶᠢᠨ ᠬᠠᠮᠠᠭᠠᠯᠠᠯᠳ᠋ᠠ᠂ ᠦᠨᠳ᠋ᠦᠰᠦᠳ᠋ᠡᠨ ᠤ ᠪᠦᠯᠬᠦᠮᠳ᠋ᠡᠯ ᠢ ᠠᠬᠢᠭᠤᠯᠬᠤ᠂ ᠬᠦᠳ᠋ᠡᠭᠡ ᠲᠤᠰᠬᠤᠨ ᠢ ᠬᠦᠭ᠍ᠵᠢᠭᠦᠯᠦᠨ ᠮᠠᠨᠳ᠋ᠤᠭᠤᠯᠬᠤ ᠵᠡᠷᠭᠡ ᠠᠵᠢᠯ ᠳᠤ ᠪᠠᠢ᠌ᠴᠠᠭᠠᠨ ᠰᠤᠳ᠋ᠤᠯᠤᠯᠳ᠋ᠠ ᠬᠢᠪᠡ᠃

ᠬᠤᠰᠢᠭᠤᠨ ᠤ ᠨᠡᠭᠦᠳ᠋ᠡᠯ ᠮᠠᠯᠵᠢᠯ ᠤᠨ ᠨᠠᠮ ᠤᠨ ᠭᠡᠰᠢᠭᠦᠨ ᠤ ᠠᠵᠢᠯᠯᠠᠬᠤ ᠦᠷᠳ᠋ᠡᠭᠡ ᠳᠤ᠂ ᠡᠦ ᠴᠢᠩ ᠬᠠᠢ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳ᠋ᠠ᠂ ᠪᠡᠯᠴᠢᠭᠡᠷᠯᠡᠭᠦᠯᠬᠦ ᠶᠢ ᠴᠠᠭᠠᠵᠠᠯᠠᠬᠤ᠂ ᠮᠠᠯ ᠪᠠ ᠪᠡᠯᠴᠢᠭᠡᠷ ᠤᠨ ᠲᠡᠩᠴᠡᠭᠦᠷᠢ ᠶᠢ ᠪᠠᠳ᠋ᠤᠯᠠᠬᠤ ᠲᠦ᠋ᠷᠢᠮ ᠤᠨ ᠨᠠᠢ᠌ᠳ᠋ᠠᠪᠤᠷᠢᠵᠢᠭᠤᠯᠤᠯᠳ᠋ᠠ᠂ ᠮᠠᠯᠴᠢᠳ ᠤᠨ ᠦᠢᠯᠡᠳᠪᠦᠷᠢᠯᠡᠯ ᠠᠮᠢᠳ᠋ᠤᠷᠠᠯ ᠤᠨ ᠪᠠᠳ᠋ᠤᠯᠠᠭ᠎ᠠ᠂ ᠮᠠᠯ ᠤᠨ ᠡᠭᠦᠯᠳ᠋ᠡᠷ ᠤᠨ ᠰᠠᠢ᠌ᠵᠢᠷᠠᠭᠤᠯᠤᠯᠳ᠋ᠠ ᠵᠡᠷᠭᠡ ᠠᠵᠢᠯ ᠤᠨ ᠦᠷᠨᠢᠭᠦᠯᠦᠭ᠍ᠰᠡᠨ ᠪᠠᠢ᠌ᠳ᠋ᠠᠯ ᠢ ᠨᠠᠷᠢᠨ ᠬᠢᠨᠠᠮᠠᠭᠠᠢ ᠰᠤᠨᠤᠰᠪᠠ᠃

ᠡᠦ ᠴᠢᠩ ᠬᠠᠢ᠂ ᠬᠠᠮᠢᠶ᠎ᠠ ᠪᠦᠬᠦᠢ ᠰᠠᠯᠠᠭ᠎ᠠ ᠮᠦ᠋ᠴᠢᠷ ᠪᠤᠯᠤᠨ ᠨᠠᠮ ᠤᠨ ᠭᠡᠰᠢᠭᠦᠨ ᠺᠠᠳ᠋ᠷᠴᠤᠳ ᠤᠯᠠᠨ ᠲᠦ᠋ᠮᠡᠨ ᠳᠤ ᠢᠯᠡᠭᠦᠬᠡᠨ ᠪᠤᠳ᠋ᠠᠳ᠋ᠤ ᠶᠠᠪᠤᠳ᠋ᠠᠯ ᠬᠢᠵᠦ᠂ ᠨᠡᠭᠦᠳ᠋ᠡᠯ ᠮᠠᠯᠴᠢᠳ ᠤᠨ ᠭᠠᠮᠰᠢᠭ ᠢ ᠰᠡᠷᠭᠡᠢ᠌ᠯᠡᠨ ᠭᠠᠮᠰᠢᠭ ᠢ ᠪᠠᠭᠠᠰᠬᠠᠬᠤ᠂ ᠤᠷᠴᠢᠨ ᠲᠤᠭᠤᠷᠢᠨ ᠢ ᠬᠠᠮᠠᠭᠠᠯᠠᠬᠤ᠂ ᠮᠠᠯ ᠪᠠ ᠪᠡᠯᠴᠢᠭᠡᠷ ᠤᠨ ᠲᠡᠩᠴᠡᠭᠦᠷᠢ ᠶᠢ ᠪᠠᠳ᠋ᠤᠯᠠᠬᠤ ᠠᠵᠢᠯ ᠢ ᠬᠦᠳ᠋ᠦᠯᠦᠨ ᠵᠢᠯᠤᠭᠤᠳᠴᠦ ᠰᠠᠢ᠌ᠳ᠋ᠤᠷ ᠬᠢᠵᠦ᠂ ᠨᠡᠭᠦᠳ᠋ᠡᠯ ᠮᠠᠯᠵᠢᠯ ᠤᠨ ᠰᠤᠶᠤᠯ ᠢ ᠤᠯᠠᠮᠵᠢᠯᠠᠵᠤ ᠬᠠᠮᠠᠭᠠᠯᠠᠨ᠂ ᠮᠠᠯᠴᠢᠳ ᠤᠨ ᠦᠵᠡᠯ ᠰᠠᠨᠠᠭᠠᠨ ᠤ ᠲᠠᠨᠢᠯᠳ᠋ᠡ ᠶᠢ ᠲᠡᠭᠡᠭ᠍ᠰᠢᠯᠡᠭᠦᠯᠬᠦ ᠬᠡᠷᠡᠭ᠍ᠳ᠋ᠠᠢ᠃ ᠨᠡᠭᠦᠳ᠋ᠡᠯ ᠮᠠᠯᠵᠢᠯ ᠤᠨ ᠨᠠᠮ ᠤᠨ ᠭᠡᠰᠢᠭᠦᠨ ᠤ ᠠᠵᠢᠯᠯᠠᠬᠤ ᠦᠷᠳ᠋ᠡᠭᠡ ᠶᠢᠨ ᠦᠢᠯᠡᠳ᠋ᠦᠯ ᠢ ᠭᠦᠢᠴᠡᠳ ᠪᠠᠳ᠋ᠠᠷᠠᠭᠤᠯᠤᠨ᠂ ᠨᠡᠭᠦᠳ᠋ᠡᠯ ᠮᠠᠯᠵᠢᠯ ᠤᠨ ᠨᠠᠮ ᠤᠨ ᠭᠡᠰᠢᠭᠦᠨ ᠤ ᠡᠯ᠎ᠠ ᠠᠵᠢᠯᠯᠠᠭ᠎ᠠ ᠶᠢᠨ ᠬᠡᠪ ᠶᠢᠡᠷ ᠦᠷᠨᠢᠬᠦ ᠶᠢ ᠦᠨᠡᠨ ᠬᠦ ᠪᠠᠳ᠋ᠤᠯᠠᠬᠤ ᠬᠡᠷᠭ᠍ᠳ᠋ᠠᠢ᠃ ᠨᠡᠭᠦᠳ᠋ᠡᠯ ᠮᠠᠯᠴᠢᠳ ᠤᠨ ᠡᠪᠡᠳᠴᠢᠨ ᠡᠮᠬᠡᠭ᠌ ᠢ ᠰᠡᠷᠭᠡᠢ᠌ᠯᠡᠬᠦ᠂ ᠡᠮᠴᠢᠯᠡᠭᠡ ᠪᠠᠷ ᠠᠪᠤᠷᠠᠨ ᠵᠠᠰᠠᠬᠤ᠂ ᠢᠳ᠋ᠡᠭᠡᠨ ᠤᠮᠳ᠋ᠠᠭᠠᠨ ᠤ ᠠᠮᠤᠷ ᠲᠦ᠋ᠪᠰᠢᠨ ᠵᠡᠷᠭᠡ ᠬᠠᠮᠢᠶ᠎ᠠ ᠪᠦᠬᠦᠢ ᠠᠵᠢᠯ ᠢ ᠰᠠᠢ᠌ᠳ᠋ᠤᠷ ᠪᠠᠳ᠋ᠤᠯᠠᠵᠤ᠂ ᠮᠠᠯᠴᠢᠳ ᠤᠨ ᠡᠷᠡᠭᠦᠯ ᠮᠡᠨᠳ᠋ᠦ ᠶᠢᠨ ᠤᠬᠠᠮᠰᠡᠷ ᠢ ᠤᠯᠠᠮ ᠨᠢᠭᠡ ᠠᠯᠬᠤᠮ ᠲᠡᠭᠡᠭ᠍ᠰᠢᠯᠡᠭᠦᠯᠦᠨ᠂ ᠮᠠᠯᠴᠢᠳ ᠤᠨ ᠡᠷᠡᠭᠦᠯ ᠮᠡᠨᠳ᠋ᠦ ᠶᠢᠨ ᠠᠮᠢᠳ᠋ᠤᠷᠠᠯ ᠤᠨ ᠠᠷᠭ᠎ᠠ ᠮᠠᠶᠢᠭ ᠢ ᠲᠡᠭᠡᠭ᠍ᠰᠢᠯᠡᠭᠦᠯᠵᠦ᠂ ᠡᠮᠴᠢᠯᠡᠭᠡᠨ ᠤ ᠦᠢᠯᠡᠴᠢᠯᠡᠭᠡ ᠶᠢ ᠪᠤᠳ᠋ᠠᠳ᠋ᠠᠢ᠌ᠵᠢᠭᠤᠯᠬᠤ᠂ ᠰᠤᠶᠤᠯ ᠵᠤᠭ᠎ᠠ ᠴᠡᠩᠭᠡᠯ ᠤᠨ ᠠᠵᠢᠯᠯᠠᠭ᠎ᠠ ᠶᠢ ᠪᠤᠳ᠋ᠠᠳ᠋ᠠᠢ᠌ᠵᠢᠭᠤᠯᠬᠤ᠂ ᠲᠦ᠋ᠷᠦ ᠶᠢᠨ ᠪᠤᠳ᠋ᠤᠯᠭ᠎ᠠ ᠶᠢ ᠤᠬᠠᠭᠤᠯᠤᠨ ᠲᠠᠭᠠᠭᠤᠯᠬᠤ ᠶᠢ ᠪᠤᠳ᠋ᠠᠳ᠋ᠠᠢ᠌ᠵᠢᠭᠤᠯᠬᠤ ᠶᠢ ᠪᠦᠬᠦ ᠲᠠᠯ᠎ᠠ ᠪᠠᠷ ᠪᠡᠶᠡᠯᠡᠭᠦᠯᠬᠦ ᠬᠡᠷᠡᠭ᠍ᠳ᠋ᠠᠢ ᠭᠡᠵᠦ ᠴᠢᠬᠤᠯᠠᠴᠢᠯᠠᠪᠠ᠃

ᠪᠠᠶᠠᠷᠳ᠋ᠤᠬᠤᠰᠢᠭᠤ ᠭᠠᠴᠠᠭᠠᠨ ᠤ ᠲᠦ᠋ᠪᠰᠢᠨ ᠭᠠᠴᠠᠭᠠᠨ ᠳᠤ ᠪᠠᠢ᠌ᠴᠠᠭᠠᠨ ᠰᠤᠳ᠋ᠤᠯᠤᠯᠳ᠋ᠠ ᠬᠢᠬᠦ ᠦᠶᠡᠰ᠂ ᠡᠦ ᠴᠢᠩ ᠬᠠᠢ᠂ ᠠᠵᠢᠯ ᠤᠨ ᠠᠷᠭ᠎ᠠ ᠬᠡᠯᠪᠡᠷᠢ ᠪᠠᠨ ᠰᠢᠨᠡᠴᠢᠯᠡᠨ᠂ ᠦᠨᠳ᠋ᠦᠰᠦᠳ᠋ᠡᠨ ᠤ ᠲᠠᠪᠠᠭᠤᠯᠢᠭ ᠤᠨᠴᠠᠯᠢᠭ ᠶᠢᠡᠨ ᠪᠠᠳ᠋ᠠᠷᠠᠭᠤᠯᠵᠤ᠂ ᠤᠳ᠋ᠤ ᠪᠠᠢ᠌ᠭ᠎ᠠ ᠡᠬᠢ ᠪᠠᠶᠠᠯᠢᠭ ᠶᠢᠡᠨ ᠠᠰᠢᠭᠯᠡᠨ᠂ ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢᠯ ᠪᠤᠯᠤᠨ ᠦᠨᠳ᠋ᠦᠰᠦᠳ᠋ᠡᠨ ᠤ ᠰᠤᠶᠤᠯ ᠵᠤᠭ᠎ᠠ ᠴᠡᠩᠭᠡᠯ ᠤᠨ ᠠᠵᠢᠯᠯᠠᠭ᠎ᠠ ᠲᠡᠶ ᠤᠶᠠᠯᠳ᠋ᠤᠭᠤᠯᠵᠤ᠂ ᠤᠯᠠᠮ ᠨᠢᠭᠡ ᠠᠯᠬᠤᠮ ᠭᠦᠨ ᠵᠤᠵᠠᠭᠠᠨ ᠤᠠᠬᠭᠤᠯᠭ᠎ᠠ ᠬᠦᠮᠦᠵᠢᠯ ᠤᠨ ᠠᠭᠤᠷ ᠠᠮᠢᠰᠬᠤᠯ ᠢ ᠪᠤᠢ ᠪᠤᠯᠭᠠᠨ᠂ ᠪᠦᠬᠦ ᠤᠯᠤᠰ ᠤᠨ ᠦᠨᠳ᠋ᠦᠰᠦᠳ᠋ᠡᠨ ᠤ ᠪᠦᠯᠬᠦᠮᠳ᠋ᠡᠯ ᠲᠠᠪᠰᠢᠯᠳ᠋ᠡ ᠶᠢᠨ ᠵᠢᠱᠢᠶ᠎ᠠ ᠦᠵᠡᠭᠦᠯᠬᠦ ᠲᠤᠰᠬᠤᠨ ᠢ ᠡᠬᠦᠳ᠋ᠦᠨ ᠪᠠᠢ᠌ᠭᠤᠯᠬᠤ ᠠᠵᠢᠯ ᠢ ᠪᠦᠳ᠋ᠦᠮᠵᠢᠳ᠋ᠠᠢ ᠠᠬᠢᠭᠤᠯᠵᠤ᠂ ᠲᠦ᠋ᠪᠰᠢᠨ ᠭᠠᠴᠠᠭ᠎ᠠ ᠶᠢ ᠭᠢᠯᠡᠰ ᠴᠡᠭ᠌ ᠲᠡᠶ᠂ ᠦᠪᠡᠷᠮᠢᠴᠡ ᠤᠨᠴᠠᠯᠢᠭ ᠲᠡᠶ ᠦᠨᠳ᠋ᠦᠰᠦᠳ᠋ᠡᠨ ᠤ ᠪᠦᠯᠬᠦᠮᠳ᠋ᠡᠯ ᠲᠠᠪᠰᠢᠯᠳ᠋ᠡ ᠶᠢᠨ ᠵᠢᠱᠢᠶ᠎ᠠ ᠦᠵᠡᠬᠦᠯᠬᠦ ᠭᠠᠴᠠᠭ᠎ᠠ ᠪᠤᠯᠭᠠᠨ ᠪᠦᠳ᠋ᠦᠭᠡᠨ ᠪᠠᠢ᠌ᠭᠤᠯᠬᠤ ᠬᠡᠷᠡᠭ᠍ᠳ᠋ᠠᠢ ᠭᠡᠵᠦ ᠴᠢᠬᠤᠯᠠᠴᠢᠯᠠᠪᠠ᠃ (ᠯᠸᠢ ᠫᠠᠩ)