ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢᠯ ᠤᠨ ᠲᠤᠰᠬᠠᠢ ᠰᠡᠳ᠋ᠦᠪᠳ᠋ᠦ ᠨᠤᠮ ᠤᠩᠰᠢᠯᠭ᠎ᠠ ᠶᠢᠨ ᠠᠩᠭᠢ ᠡᠷᠬᠢᠯᠡᠪᠡ

ᠪᠦᠬᠦ ᠬᠤᠰᠢᠭᠤᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢᠯ ᠤᠨ ᠶᠡᠷᠦᠩᠬᠡᠢ ᠲᠤᠬᠢᠷᠠᠭᠤᠯᠤᠯᠳ᠋ᠠ ᠶᠤᠰᠤᠭᠠᠷ᠂ 6 ᠰᠠᠷ᠎ᠠ ᠶᠢᠨ 8 ᠡᠴᠡ 9 ᠤ ᠡᠳ᠋ᠦᠷ ᠪᠤᠯᠳ᠋ᠠᠯ᠎ᠠ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠬᠤᠶᠠᠷ ᠡᠳ᠋ᠦᠷ ᠤᠨ ᠬᠤᠭᠤᠴᠠᠭ᠎ᠠ ᠲᠡᠶ ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢᠯ ᠤᠨ ᠲᠤᠰᠬᠠᠢ ᠰᠡᠳ᠋ᠦᠪᠳ᠋ᠦ ᠨᠤᠮ ᠤᠩᠰᠢᠯᠭ᠎ᠠ ᠶᠢᠨ ᠠᠩᠭᠢ ᠶᠢ ᠨᠠᠷᠢᠨ ᠨᠢᠮᠪᠠᠢ ᠵᠤᠬᠢᠶᠠᠨ ᠪᠠᠢ᠌ᠭᠤᠯᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢᠯ ᠤᠨ ᠲᠤᠰᠬᠠᠢ ᠰᠡᠳ᠋ᠦᠪᠳ᠋ᠦ ᠲᠠᠢ᠌ᠯᠤᠮᠵᠢ ᠶᠢ ᠦᠵᠡᠬᠦ᠂ ᠲᠦ᠋ᠪᠯᠡᠷᠡᠭᠦᠯᠦᠨ ᠦᠪᠡᠰᠦᠪᠠᠨ ᠰᠤᠷᠤᠯᠴᠠᠬᠤ ᠪᠠ ᠲᠤᠰᠬᠠᠢ ᠰᠡᠳ᠋ᠦᠪ ᠢ ᠰᠤᠳ᠋ᠤᠯᠤᠨ ᠶᠠᠷᠢᠯᠴᠠᠬᠤ ᠪᠠᠷ ᠲᠠᠮᠵᠢᠨ᠂ ᠶᠡᠷᠦᠩᠬᠡᠢ ᠱᠦ᠋ᠵᠢ ᠰᠢ ᠵᠢᠨ ᠫᠢᠩ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢᠯ ᠤᠨ ᠲᠤᠬᠠᠢ ᠴᠢᠬᠤᠯᠠ ᠦᠭᠦᠯᠡᠯᠳ᠋ᠡ ᠶᠢ ᠭᠦᠨᠵᠡᠭᠡᠢ ᠰᠤᠷᠤᠯᠴᠠᠪᠠ᠃


6 ᠰᠠᠷ᠎ᠠ ᠶᠢᠨ 8᠊ᠦ ᠡᠳ᠋ᠦᠷ᠂ ᠪᠠᠢ᠌ᠩᠭ᠋ᠤ ᠶᠢᠨ ᠬᠤᠷᠢᠶᠠᠨ ᠤ ᠤᠳ᠋ᠤᠷᠢᠳᠬᠤ ᠲᠤᠭᠤᠢ᠌ᠯᠠᠩ ᠤᠨ ᠭᠡᠰᠢᠭᠦᠨ᠂ ᠨᠠᠷᠢᠨ ᠪᠢᠴᠢᠭ᠌ ᠤᠨ ᠲᠠᠷᠤᠭ᠎ᠠ᠂ ᠪᠠᠢ᠌ᠭᠤᠯᠭ᠎ᠠ ᠶᠢᠨ ᠨᠠᠮ ᠤᠨ ᠤᠳ᠋ᠤᠷᠢᠳᠬᠤ ᠲᠤᠭᠤᠢ᠌ᠯᠠᠩ ᠤᠨ ᠱᠦ᠋ᠵᠢ ᠯᠢ ᠴᠸᠩ ᠭᠦᠸᠸ ᠨᠤᠮ ᠤᠩᠰᠢᠯᠭ᠎ᠠ ᠶᠢᠨ ᠠᠩᠭᠢ ᠶᠢᠨ ᠰᠤᠷᠤᠯᠭ᠎ᠠ ᠡᠬᠢᠯᠡᠬᠦ ᠶᠤᠰᠤᠯᠠᠯ ᠊ᠢ ᠡᠷᠬᠢᠯᠡᠬᠦ ᠶᠢᠨ ᠬᠠᠮᠳ᠋ᠤ ᠴᠢᠩᠭ᠋ᠠᠳᠬᠠᠭᠰᠠᠨ ᠨᠢ᠂ ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢᠯ ᠤᠨ ᠲᠤᠰᠬᠠᠢ ᠰᠡᠳ᠋ᠦᠪᠳ᠋ᠦ ᠨᠤᠮ ᠤᠩᠰᠢᠬᠤ ᠠᠩᠭᠢ ᠳᠤ ᠤᠷᠤᠯᠴᠠᠭᠰᠠᠨ ᠨᠠᠮ ᠤᠨ ᠭᠡᠰᠢᠭᠦᠨ ᠺᠠᠳ᠋ᠷᠴᠤᠳ ᠪᠦᠬᠦ ᠰᠡᠳᠭᠢᠯ ᠪᠦᠬᠦ ᠵᠤᠷᠢᠭ ᠶᠢᠡᠷ ᠶᠢᠡᠨ ᠨᠤᠮ ᠤᠩᠰᠢᠬᠤ ᠠᠩᠭᠢ ᠳᠤ ᠤᠷᠤᠯᠴᠠᠵᠤ᠂ ᠤᠨᠤᠯ ᠶᠢᠡᠷ ᠵᠡᠪᠰᠡᠭᠯᠡᠬᠦ ᠪᠠᠨ ᠴᠢᠩᠭ᠋ᠠᠳᠬᠠᠨ᠂ ᠨᠠᠮ ᠤᠨ ᠭᠡᠷᠡᠯ ᠰᠠᠴᠤᠷᠠᠩᠭ᠋ᠤᠢ ᠲᠡᠦᠬᠡ ᠡᠴᠡ ᠤᠶᠤᠨ ᠰᠠᠨᠠᠭᠠᠨ ᠤ ᠰᠢᠮ᠎ᠠ ᠲᠡᠵᠢᠭᠡᠯ ᠬᠦᠷᠳ᠋ᠡᠵᠦ᠂ ᠤᠷᠤᠭᠰᠢᠯᠡᠨ ᠬᠦᠭ᠍ᠵᠢᠬᠦ ᠬᠦᠴᠦᠷᠬᠡᠭ᠌ ᠶᠡᠬᠡ ᠬᠦᠳ᠋ᠡᠯᠭᠡᠬᠦ ᠬᠦᠴᠦᠨ ᠢ ᠨᠢᠭᠳ᠋ᠠᠷᠠᠭᠤᠯᠤᠨ᠂ ᠯᠠᠪᠳ᠋ᠠᠭᠤᠨ ᠪᠠᠳ᠋ᠤᠳ᠋ᠠᠢ ᠰᠤᠷᠤᠯᠴᠠᠬᠤ ᠰᠤᠷᠳ᠋ᠠᠯ ᠶᠢᠡᠷ ᠰᠤᠷᠤᠯᠴᠠᠯᠭ᠎ᠠ ᠶᠢᠨ ᠶᠠᠰᠤ ᠴᠢᠨᠠᠷ ᠦᠷ᠎ᠠ ᠪᠦᠳ᠋ᠦᠮᠵᠢ ᠶᠢ ᠴᠢᠷᠮᠠᠢ᠌ᠨ ᠲᠡᠭᠡᠭ᠍ᠰᠢᠯᠡᠭᠦᠯᠵᠦ᠂ ᠠᠰᠠᠭᠤᠳ᠋ᠠᠯ ᠳᠤ ᠴᠢᠭᠯᠡᠭᠦᠯᠦᠨ ᠰᠤᠷᠤᠯᠴᠠᠵᠤ᠂ ᠪᠤᠳ᠋ᠠᠳ᠋ᠠᠢ ᠲᠡᠶ ᠤᠶᠠᠯᠳ᠋ᠤᠭᠤᠯᠤᠨ ᠰᠤᠷᠤᠯᠴᠠᠵᠤ᠂ ᠰᠠᠬᠢᠯᠭ᠎ᠠ ᠪᠠᠳ᠋ᠤ ᠶᠢ ᠴᠢᠩᠭ᠎ᠠ ᠰᠠᠬᠢᠨ ᠰᠤᠷᠤᠯᠴᠠᠵᠤ᠂ ᠰᠤᠷᠤᠯᠴᠠᠬᠤ ᠳᠠᠭᠠᠨ ᠰᠡᠳᠭᠢᠬᠦ᠂ ᠤᠢ᠌ᠯᠠᠭᠠᠬᠤ᠂ ᠤᠯᠤᠯᠳ᠋ᠠ ᠲᠡᠶ ᠪᠠᠢ᠌ᠬᠤ ᠶᠢ ᠦᠨᠡᠨ ᠬᠦ ᠪᠠᠳ᠋ᠤᠯᠠᠬᠤ ᠬᠡᠷᠡᠭ᠍ᠳ᠋ᠠᠢ ᠭᠡᠵᠠᠢ᠃


ᠰᠤᠷᠤᠯᠭ᠎ᠠ ᠡᠬᠢᠯᠡᠭ᠍ᠰᠡᠨ ᠤ ᠲᠠᠷᠠᠭ᠎ᠠ ᠨᠤᠮ ᠤᠩᠰᠢᠯᠭ᠎ᠠ ᠶᠢᠨ ᠠᠩᠭᠢ ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢᠯ ᠤᠨ ᠲᠤᠰᠬᠠᠢ ᠰᠡᠳ᠋ᠦᠪᠳ᠋ᠦ ᠲᠠᠢ᠌ᠯᠦᠮᠵᠢ ᠶᠢᠨ ᠠᠵᠢᠯᠯᠠᠭ᠎ᠠ ᠦᠷᠨᠢᠭᠦᠯᠵᠦ᠂ ᠲᠦ᠋ᠪ ᠤᠨ ᠨᠠᠮ ᠤᠨ ᠰᠤᠷᠭᠠᠭᠤᠯᠢ (ᠤᠯᠤᠰ ᠤᠨ ᠵᠠᠰᠠᠭ ᠵᠠᠬᠢᠷᠭᠠᠨ ᠤ ᠲᠡᠭᠡᠳ᠋ᠦ ᠰᠤᠷᠭᠠᠭᠤᠯᠢ) ᠶᠢᠨ ᠨᠠᠮ ᠤᠨ ᠲᠡᠦᠬᠡ ᠶᠢᠨ ᠲᠤᠰᠬᠠᠢ ᠰᠡᠳ᠋ᠦᠪᠳ᠋ᠦ ᠰᠦ᠋ᠯᠵᠢᠶᠡᠨ ᠤ ᠬᠢᠴᠢᠶᠡᠯ《ᠰᠢᠨ᠎ᠠ ᠠᠷᠠᠳᠴᠢᠯᠠᠭᠰᠠᠨ ᠨᠡᠢ᠌ᠭᠡᠮ ᠡᠴᠡ ᠨᠡᠢ᠌ᠭᠡᠮ ᠵᠢᠷᠤᠮ ᠳᠤ ᠰᠢᠯᠵᠢᠬᠦ》᠂《ᠨᠠᠮ ᠤᠨ ᠲᠤᠮᠳ᠋ᠠᠳ᠋ᠤ ᠤᠯᠤᠰ ᠤᠨ ᠨᠡᠢ᠌ᠭᠡᠮ ᠵᠢᠷᠤᠮ ᠤ ᠪᠦᠳ᠋ᠦᠭᠡᠨ ᠪᠠᠢ᠌ᠭᠤᠯᠤᠯᠳ᠋ᠠ ᠶᠢᠨ ᠵᠠᠮ ᠳ᠋ᠡᠬᠢ ᠰᠦ᠋ᠪᠡᠭ᠍ᠴᠢᠯᠡᠯᠳ᠋ᠡ》᠂《ᠨᠠᠮ ᠤᠨ ᠠᠷᠪᠠᠨ ᠨᠢᠭᠡᠳ᠋ᠦᠭᠡᠷ ᠬᠤᠭᠤᠴᠠᠭᠠᠨ ᠤ ᠲᠦ᠋ᠪ ᠬᠤᠷᠢᠶᠠᠨ ᠤ ᠭᠤᠷᠪᠠᠳ᠋ᠤᠭᠠᠷ ᠪᠦᠭᠦᠳ᠋ᠡ ᠬᠤᠷᠠᠯ ᠪᠤᠯᠤᠨ ᠠᠭᠤᠤ ᠶᠡᠬᠡ ᠲᠡᠦᠬᠡ ᠶᠢᠨ ᠡᠷᠭᠢᠯᠳ᠋ᠡ》ᠵᠢ ᠲᠦ᠋ᠪᠯᠡᠷᠡᠭᠦᠯᠦᠨ ᠦᠵᠡᠵᠦ ᠰᠤᠷᠤᠯᠴᠠᠭᠰᠠᠨ ᠤ ᠬᠠᠮᠳ᠋ᠤ ᠪᠠᠰᠠ《ᠲᠤᠮᠳ᠋ᠠᠳ᠋ᠤ ᠤᠯᠤᠰ ᠤᠨ ᠡᠪ ᠬᠠᠮᠳ᠋ᠤ ᠨᠠᠮ ᠤᠨ ᠲᠤᠪᠴᠢ ᠲᠡᠦᠬᠡ》ᠵᠢᠨ ᠲᠤᠬᠠᠢ ᠲᠤᠰᠬᠠᠢ ᠰᠡᠳ᠋ᠦᠪᠳ᠋ᠦ ᠲᠦ᠋ᠪᠯᠡᠷᠡᠭᠦᠯᠦᠨ ᠦᠪᠡᠰᠦᠪᠠᠨ ᠰᠤᠷᠤᠯᠴᠠᠬᠤ ᠠᠵᠢᠯᠯᠠᠭ᠎ᠠ ᠶᠢ ᠦᠷᠨᠢᠭᠦᠯᠪᠡ᠃

6 ᠰᠠᠷ᠎ᠠ ᠶᠢᠨ 9᠊ᠦ ᠡᠳ᠋ᠦᠷ᠂ ᠪᠠᠢ᠌ᠭᠤᠯᠭ᠎ᠠ ᠶᠢᠨ ᠨᠠᠮ ᠤᠨ ᠭᠡᠰᠢᠭᠦᠨ ᠺᠠᠳ᠋ᠷᠴᠤᠳ《ᠨᠡᠢ᠌ᠭᠡᠮ ᠵᠢᠷᠤᠮ ᠤᠨ ᠬᠤᠪᠢᠰᠬᠠᠯ ᠪᠠ ᠪᠦᠳ᠋ᠦᠬᠡᠨ ᠪᠠᠢ᠌ᠭᠤᠯᠤᠯᠳ᠋ᠠ ᠶᠢᠨ ᠦᠶ᠎ᠠ ᠶᠢᠨ ᠲᠡᠦᠬᠡ》᠂《ᠦᠭᠡᠷᠡᠴᠢᠯᠡᠯᠳ᠋ᠡ ᠨᠡᠬᠡᠭᠡᠯᠳ᠋ᠡ ᠶᠢᠨ ᠰᠢᠨ᠎ᠠ ᠴᠠᠭ ᠦᠶ᠎ᠠ ᠶᠢᠨ ᠲᠡᠦᠬᠡ》ᠪᠠᠷ ᠭᠤᠤᠯ ᠰᠡᠳ᠋ᠦᠪ ᠪᠤᠯᠭᠠᠨ ᠲᠦ᠋ᠪᠯᠡᠷᠡᠭᠦᠯᠦᠨ ᠰᠤᠳ᠋ᠤᠯᠤᠨ ᠶᠠᠷᠢᠯᠴᠠᠵᠤ ᠰᠠᠨᠠᠯ ᠶᠢᠡᠨ ᠰᠤᠯᠢᠯᠴᠡᠨ᠂ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢᠯ ᠤᠨ ᠠᠵᠢᠯ ᠤᠨ ᠨᠢᠭᠡᠳ᠋ᠦᠭᠡᠷ ᠪᠠᠢ᠌ᠴᠠᠭᠠᠨ ᠵᠢᠯᠤᠭᠤᠳᠬᠤ ᠲᠤᠭᠤᠢ᠌ᠯᠠᠩ ᠤᠨ ᠲᠠᠷᠤᠭ᠎ᠠ ᠹᠸᠩ ᠪᠥᠸᠸ ᠰᠤᠳ᠋ᠤᠯᠤᠨ ᠶᠠᠷᠢᠯᠴᠠᠬᠤ ᠬᠤᠷᠠᠯ ᠳᠤ ᠤᠷᠤᠯᠴᠠᠭᠰᠠᠨ ᠪᠦᠭᠡᠳ ᠦᠨᠡᠯᠡᠯᠳ᠋ᠡ ᠬᠢᠪᠡ᠃
ᠨᠤᠮ ᠤᠩᠰᠢᠬᠤ ᠠᠩᠭᠢ ᠶᠢᠨ ᠠᠵᠢᠯᠯᠠᠭ᠎ᠠ ᠶᠢᠨ ᠲᠠᠷᠠᠭ᠎ᠠ ᠤᠯᠠᠨ ᠪᠦᠭᠦᠳ᠋ᠡᠭᠡᠷ ᠶᠢᠡᠨ᠂ ᠲᠤᠰ ᠤᠳ᠋ᠠᠭᠠᠨ ᠤ ᠲᠤᠰᠬᠠᠢ ᠰᠡᠳ᠋ᠦᠪᠳ᠋ᠦ ᠨᠤᠮ ᠤᠩᠰᠢᠬᠤ ᠠᠩᠭᠢ ᠪᠠᠷ ᠠᠵᠠ ᠲᠤᠬᠢᠶᠠᠯ ᠪᠤᠯᠭᠠᠨ᠂ ᠰᠢ ᠵᠢᠨ ᠫᠢᠩ ᠤᠨ ᠰᠢᠨ᠎ᠠ ᠴᠠᠭ ᠦᠶ᠎ᠠ ᠶᠢᠨ ᠲᠤᠮᠳ᠋ᠠᠳ᠋ᠤ ᠤᠯᠤᠰ ᠤᠨ ᠤᠨᠴᠠᠯᠢᠭ ᠲᠡᠶ ᠨᠡᠢ᠌ᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳ᠋ᠤᠯᠭ᠎ᠠ ᠪᠤᠯᠭᠠᠵᠤ᠂ ᠶᠡᠷᠦᠩᠬᠡᠢ ᠱᠦ᠋ᠵᠢ ᠰᠢ ᠵᠢᠨ ᠫᠢᠩ ᠤᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠦᠷᠭᠦᠯᠵᠢᠯᠡᠨ ᠭᠦᠨᠵᠡᠭᠡᠢ ᠰᠤᠷᠤᠯᠴᠡᠨ ᠲᠤᠭᠤᠰᠢᠯᠠᠭᠤᠯᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢᠯ ᠢ ᠯᠠᠪᠳ᠋ᠠᠭᠤᠨ ᠪᠠᠳ᠋ᠤᠳ᠋ᠠᠢ ᠦᠷᠨᠢᠭᠦᠯᠦᠨ᠂ ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢᠯ ᠢ ᠪᠤᠳ᠋ᠠᠳ᠋ᠠᠢ ᠠᠰᠠᠭᠤᠳ᠋ᠠᠯ ᠢ ᠰᠢ᠌ᠳᠪᠦᠷᠢᠯᠡᠬᠦ ᠲᠡᠶ ᠤᠶᠠᠯᠳ᠋ᠤᠭᠤᠯᠵᠤ᠂ 《ᠪᠢ ᠤᠯᠠᠨ ᠲᠦ᠋ᠮᠡᠨ ᠳᠤ ᠪᠤᠳ᠋ᠠᠳ᠋ᠤ ᠶᠠᠪᠤᠳ᠋ᠠᠯ ᠬᠢᠵᠦ ᠦᠭᠬᠦ》 ᠦᠢᠯᠡᠳ᠋ᠦᠯᠭᠡ ᠶᠢᠨ ᠠᠵᠢᠯᠯᠠᠭ᠎ᠠ ᠶᠢ ᠯᠠᠪᠳ᠋ᠠᠭᠤᠨ ᠪᠠᠳ᠋ᠤᠳ᠋ᠠᠢ ᠦᠷᠨᠢᠭᠦᠯᠵᠦ᠂ ᠤᠯᠠᠨ ᠲᠦ᠋ᠮᠡᠨ ᠤ ᠪᠠᠴᠢᠮ ᠲᠤᠯᠭᠠᠮ᠎ᠠ ᠬᠦᠰᠡᠨ ᠰᠠᠨᠠᠵᠤ ᠪᠠᠢ᠌ᠭ᠎ᠠ ᠠᠰᠠᠭᠤᠳ᠋ᠠᠯ ᠢ ᠦᠨᠡᠨ ᠬᠦ ᠰᠢ᠌ᠳᠪᠦᠷᠢᠯᠡᠵᠦ᠂ ᠤᠳ᠋ᠤᠬᠢᠴᠢᠯᠠᠭᠰᠠᠨ ᠵᠠᠷᠤᠳ ᠬᠤᠰᠢᠭᠤᠨ ᠤ ᠪᠦᠳ᠋ᠦᠭᠡᠨ ᠪᠠᠢ᠌ᠭᠤᠯᠤᠯᠳ᠋ᠠ ᠳᠤ ᠨᠡᠩ ᠶᠡᠬᠡ ᠬᠤᠪᠢ ᠨᠡᠮᠡᠷᠢ ᠦᠵᠡᠭᠦᠯᠦᠨ᠂ ᠰᠢᠯᠢᠳ᠋ᠡᠭ᠌ ᠠᠮᠵᠢᠯᠳ᠋ᠡ ᠪᠠᠷ ᠶᠢᠡᠨ ᠨᠠᠮ ᠪᠠᠢ᠌ᠭᠤᠯᠤᠭᠳ᠋ᠠᠭᠰᠠᠨ 100 ᠵᠢᠯ ᠤᠨ ᠤᠢ ᠶᠢ ᠪᠡᠯᠭᠡᠯᠡᠶ᠎ᠠ ᠭᠡᠵᠦ ᠢᠯᠡᠳᠭᠡᠵᠡᠭᠡᠪᠡ᠃(ᠯᠸᠢ ᠫᠠᠩ)