ᠤᠳᠤ ᠶᠢᠨ ᠪᠠᠢ᠌ᠷᠢ᠄ ᠴᠢᠬᠤᠯᠠ ᠮᠡᠳᠡᠭᠡ → ᠬᠤᠰᠢᠭᠤᠨ ᠤ ᠨᠠᠮ ᠤᠨ ᠬᠤᠷᠢᠶᠠᠨ ᠤ ᠨᠠᠮ ᠤᠨ᠁
ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢᠯ ᠤᠨ ᠠᠵᠢᠯ ᠤᠨ ᠨᠢᠭᠡᠳ᠋ᠦᠭᠡᠷ ᠲᠤᠭᠤᠷᠢᠨ ᠪᠠᠢ᠌ᠴᠠᠭᠠᠨ ᠵᠢᠯᠤᠭᠤᠳᠬᠤ ᠲᠤᠭᠤᠢ᠌ᠯᠠᠩ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢ ᠬᠢᠨᠠᠨ ᠵᠢᠯᠤᠭᠤᠳ᠋ᠤᠭᠰᠠᠨ ᠪᠠᠢ᠌ᠳ᠋ᠠᠯ ᠤᠨ ᠬᠠᠷᠢᠭᠤ ᠲᠤᠰᠬᠠᠯᠳ᠋ᠠ ᠶᠢᠨ ᠬᠤᠷᠠᠯ ᠬᠤᠷᠠᠯᠳ᠋ᠤᠪᠠ


       
              6 ᠰᠠᠷ᠎ᠠ ᠶᠢᠨ 9᠊ᠦ ᠡᠳ᠋ᠦᠷ ᠤᠨ ᠦᠳ᠋ᠡ ᠶᠢᠨ ᠬᠤᠢ᠌ᠨ᠎ᠠ᠂ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢᠯ ᠤᠨ ᠨᠢᠭᠡᠳ᠋ᠦᠭᠡᠷ ᠲᠤᠭᠤᠷᠢᠨ ᠪᠠᠢ᠌ᠴᠠᠭᠠᠨ ᠵᠢᠯᠤᠭᠤᠳᠬᠤ ᠲᠤᠭᠤᠢ᠌ᠯᠠᠩ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢᠯ ᠢ ᠦᠷᠨᠢᠭᠦᠯᠦᠭ᠍ᠰᠡᠨ ᠪᠠᠢ᠌ᠳ᠋ᠠᠯ ᠢ ᠬᠢᠨᠠᠨ ᠵᠢᠯᠤᠭᠤᠳ᠋ᠤᠭᠰᠠᠨ ᠬᠠᠷᠢᠭᠤ ᠲᠤᠰᠬᠠᠯᠳ᠋ᠠ ᠶᠢᠨ ᠬᠤᠷᠠᠯ ᠬᠤᠷᠠᠯᠳ᠋ᠤᠭᠤᠯᠤᠨ᠂ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢᠯ ᠤᠨ ᠠᠵᠢᠯ ᠤᠨ ᠨᠢᠭᠡᠳ᠋ᠦᠭᠡᠷ ᠪᠠᠢ᠌ᠴᠠᠭᠠᠨ ᠵᠢᠯᠤᠭᠤᠳᠬᠤ ᠲᠤᠭᠤᠢ᠌ᠯᠠᠩ ᠤᠨ ᠲᠠᠷᠤᠭ᠎ᠠ ᠹᠸᠩ ᠪᠦᠸᠸ ᠬᠤᠷᠠᠯ ᠳᠤ ᠰᠠᠭᠠᠳ᠋ᠠᠨ ᠶᠠᠷᠢᠶ᠎ᠠ ᠲᠠᠯᠪᠢᠪᠠ᠃ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠨᠠᠷᠢᠨ ᠪᠢᠴᠢᠭ᠌ ᠤᠨ ᠲᠠᠷᠤᠭ᠎ᠠ᠂ ᠪᠠᠢ᠌ᠭᠤᠯᠭ᠎ᠠ ᠶᠢᠨ ᠨᠠᠮ ᠤᠨ ᠤᠳ᠋ᠤᠷᠢᠳᠬᠤ ᠲᠤᠭᠤᠢ᠌ᠯᠠᠩ ᠤᠨ ᠱᠦ᠋ᠵᠢ ᠯᠢ ᠴᠸᠩ ᠭᠦᠸᠸ ᠵᠢᠴᠢ ᠪᠠᠢ᠌ᠭᠤᠯᠭ᠎ᠠ ᠶᠢᠨ ᠨᠠᠮ ᠤᠨ ᠤᠳ᠋ᠤᠷᠢᠳᠬᠤ ᠲᠤᠭᠤᠢ᠌ᠯᠠᠩ ᠤᠨ ᠪᠦᠷᠢᠯᠳ᠋ᠦᠭᠦᠨ ᠭᠡᠰᠢᠭᠦᠨ ᠬᠤᠷᠠᠯ ᠳᠤ ᠤᠷᠤᠯᠴᠠᠪᠠ᠃

       
              ᠵᠢᠯᠤᠭᠤᠳᠬᠤ ᠲᠤᠭᠤᠢ᠌ᠯᠠᠩ ᠤᠨ ᠬᠢᠨ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢᠯ ᠢ ᠦᠷᠨᠢᠭᠦᠯᠦᠭ᠍ᠰᠡᠨ ᠪᠠᠢ᠌ᠳ᠋ᠠᠯ ᠤᠨ ᠲᠤᠬᠠᠢ ᠬᠠᠷᠢᠭᠤ ᠮᠡᠳ᠋ᠡᠭᠦᠯᠦᠯᠳ᠋ᠡ ᠶᠢ ᠨᠠᠷᠢᠨ ᠬᠢᠨᠠᠮᠠᠭᠠᠢ ᠰᠤᠨᠤᠰᠴᠦ᠂ ᠬᠠᠮᠢᠶ᠎ᠠ ᠪᠦᠬᠦᠢ ᠲᠠᠩᠰᠠ ᠡᠪᠬᠡᠮᠡᠯ ᠢ ᠨᠠᠷᠢᠯᠢᠭ ᠦᠵᠡᠭ᠍ᠰᠡᠨ ᠪᠦᠭᠡᠳ ᠪᠠᠢ᠌ᠭᠤᠯᠭ᠎ᠠ ᠶᠢᠨ ᠨᠠᠮ ᠤᠨ ᠤᠳ᠋ᠤᠷᠢᠳᠬᠤ ᠲᠤᠭᠤᠢ᠌ᠯᠠᠩ ᠤᠨ ᠪᠦᠷᠢᠯᠳ᠋ᠦᠭᠦᠨ ᠭᠡᠰᠢᠭᠦᠨ ᠲᠡᠶ ᠶᠠᠷᠢᠯᠴᠠᠪᠠ᠃

       
               ᠵᠢᠯᠤᠭᠤᠳᠬᠤ ᠲᠤᠭᠤᠢ᠌ᠯᠠᠩ ᠤᠨ ᠬᠢᠨ᠂ ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢᠯ ᠢ ᠦᠷᠭᠦᠯᠵᠢᠯᠡᠨ ᠰᠠᠢ᠌ᠳ᠋ᠤᠷ ᠠᠳᠬᠤᠨ᠂ ᠲᠤᠭᠳ᠋ᠠᠭᠰᠠᠨ ᠨᠤᠮ ᠤᠨ ᠭᠠᠷᠴᠠᠭ ᠪᠤᠯᠤᠨ ᠭᠤᠤᠯᠳ᠋ᠠᠯᠭ᠎ᠠ ᠲᠡᠶ ᠮᠠᠲ᠋ᠸᠷᠢᠶᠠᠯ ᠤᠨ ᠰᠤᠷᠤᠯᠴᠠᠯᠭ᠎ᠠ ᠶᠢ ᠲᠤᠬᠢᠷᠠᠭᠤᠯᠤᠨ ᠠᠬᠢᠭᠤᠯᠵᠤ᠂ ᠰᠤᠷᠤᠯᠴᠠᠯᠭ᠎ᠠ ᠶᠢᠨ ᠪᠦᠷᠬᠦᠴᠡ ᠶᠢ ᠦᠷᠭᠦᠯᠵᠢᠯᠡᠨ ᠦᠷᠭᠡᠳᠭᠡᠨ᠂ ᠰᠤᠷᠤᠯᠴᠠᠯᠭ᠎ᠠ ᠶᠢᠨ ᠪᠦᠬᠦᠢ᠌ᠯᠡ ᠴᠤᠭᠴᠡ ᠶᠢᠨ ᠦᠷ᠎ᠠ ᠪᠦᠳ᠋ᠦᠮᠵᠢ ᠶᠢ ᠲᠡᠭᠡᠭ᠍ᠰᠢᠯᠡᠭᠦᠯᠬᠦ ᠬᠡᠷᠡᠭ᠍ᠳ᠋ᠠᠢ᠂ ᠤᠬᠠᠭᠤᠯᠤᠨ ᠲᠠᠢ᠌ᠯᠪᠤᠷᠢᠯᠠᠬᠤ ᠠᠵᠢᠯ ᠢ ᠡᠮᠬᠢ ᠵᠢᠷᠤᠮ ᠲᠡᠶ ᠠᠬᠢᠭᠤᠯᠤᠨ᠂ ᠦᠨᠳ᠋ᠦᠰᠦᠨ ᠱᠠᠳ᠋ᠤᠨ ᠤ ᠨᠠᠮ ᠤᠨ ᠭᠡᠰᠢᠭᠦᠨ ᠤᠯᠠᠨ ᠲᠦ᠋ᠮᠡᠨ᠂ ᠠᠷᠠᠳ ᠤᠨ ᠲᠦ᠋ᠯᠦᠭᠡᠯᠡᠭ᠍ᠴᠢ ᠵᠡᠷᠭᠡ ᠬᠦᠮᠦᠰ ᠲᠤ ᠬᠠᠨᠳ᠋ᠤᠭᠤᠯᠤᠨ ᠡᠯ᠎ᠠ ᠲᠦ᠋ᠷᠦᠯ ᠤᠨ ᠤᠬᠠᠭᠤᠯᠭ᠎ᠠ ᠶᠢᠨ ᠠᠵᠢᠯᠯᠠᠭ᠎ᠠ ᠦᠷᠨᠢᠭᠦᠯᠬᠦ ᠬᠡᠷᠡᠭ᠍ᠳ᠋ᠠᠢ᠂《ᠪᠢ ᠤᠯᠠᠨ ᠲᠦ᠋ᠮᠡᠨ ᠳᠤ ᠪᠤᠳ᠋ᠠᠳ᠋ᠤ ᠶᠠᠪᠤᠳ᠋ᠠᠯ ᠬᠢᠵᠦ ᠦᠭ‍ᠬᠦ》ᠵᠢ ᠨᠠᠮ ᠤᠨ ᠲᠡᠦᠬᠡ ᠶᠢᠨ ᠰᠤᠷᠤᠯᠴᠠᠯᠭ᠎ᠠ ᠶᠢᠨ ᠦᠨᠳ᠋ᠦᠰᠦᠨ ᠲᠤᠰᠤᠯᠳ᠋ᠠ ᠪᠤᠯᠭᠠᠵᠤ᠂ ᠢᠳ᠋ᠡᠪᠬᠢᠳ᠋ᠠᠢ ᠪᠠᠷ ᠦᠨᠳ᠋ᠦᠰᠦᠨ ᠱᠠᠳ᠋ᠤᠨ ᠳᠤ ᠭᠦᠨᠵᠡᠭᠡᠢ᠌ᠷᠡᠨ᠂ ᠤᠯᠠᠨ ᠲᠦ᠋ᠮᠡᠨ ᠤ ᠪᠠᠴᠢᠮ ᠲᠤᠯᠭᠠᠮ᠎ᠠ ᠬᠦᠰᠡᠨ ᠰᠠᠨᠠᠵᠤ ᠪᠠᠢ᠌ᠭ᠎ᠠ ᠵᠦ᠋ᠢᠯ ᠢ ᠤᠢ᠌ᠯᠠᠭᠠᠬᠤ ᠶᠢᠨ ᠬᠠᠮᠳ᠋ᠤ ᠦᠨᠡᠨ ᠬᠦ ᠰᠢ᠌ᠳᠪᠦᠷᠢᠯᠡᠵᠦ᠂ ᠰᠤᠷᠤᠯᠴᠠᠯᠭ᠎ᠠ ᠬᠦᠮᠦᠵᠢᠯ ᠢ ᠭᠦᠨᠵᠡᠭᠡᠢ᠌ᠷᠡᠭᠦᠯᠦᠨ ᠪᠣᠳ᠋ᠠᠳ᠋ᠠᠢ᠌ᠵᠢᠭᠤᠯᠵᠤ᠂ ᠪᠤᠳ᠋ᠠᠳ᠋ᠤ ᠦᠷ᠎ᠠ ᠪᠦᠳ᠋ᠦᠮᠵᠢ ᠤᠯᠬᠤ ᠶᠢ ᠲᠦ᠋ᠯᠬᠢᠨ ᠠᠬᠢᠭᠤᠯᠬᠤ ᠬᠡᠷᠡᠭ᠍ᠳ᠋ᠠᠢ ᠭᠡᠵᠦ ᠱᠠᠭᠠᠷᠳ᠋ᠠᠪᠠ᠃(ᠯᠸᠢ ᠫᠠᠩ)

ᠡᠮᠦᠨᠡᠬᠢ᠄ ᠡᠦ ᠴᠢᠩ ᠬᠠᠢ ᠦᠨᠳ᠋ᠦᠰᠦᠨ ᠱᠠᠳ᠋ᠤᠨ ᠤ ᠠᠵᠢᠯ ᠢ ᠪᠠᠢ᠌ᠴᠠᠭᠠᠨ ᠰᠤᠳ᠋ᠤᠯᠪᠠ
ᠳᠠᠷᠠᠭᠠᠬᠢ᠄ ᠬᠤᠰᠢᠭᠤᠨ ᠤ ᠨᠠᠮ ᠤᠨ ᠬᠤᠷᠢᠶᠠᠨ ᠤ ᠭᠤᠷᠪᠠᠳ᠋ᠤᠭᠠᠷ ᠲᠤᠭᠤᠷᠢᠨ ᠪᠠᠢ᠌ᠴᠠᠭᠠᠬᠤ ᠲᠤᠭᠤᠢ᠌ᠯᠠᠩ ᠤᠨ ᠬᠢᠨ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠤᠳ᠋ᠤᠷᠢᠳᠬᠤ ᠲᠤᠭᠤᠢ᠌ᠯᠠᠩ ᠢ ᠲᠤᠭᠤᠷᠢᠨ ᠪᠠᠢ᠌ᠴᠠᠭᠠᠭᠰᠠᠨ ᠪᠠᠢ᠌ᠳ᠋ᠠᠯ ᠢ ᠬᠠᠷᠢᠭᠤ ᠲᠤᠰᠬᠠᠯᠳᠠ ᠵᠢᠨ ᠬᠤᠷᠠᠯ ᠬᠤᠷᠠᠯᠳ᠋ᠤᠭᠤᠯᠪᠠ