ᠬᠤᠰᠢᠭᠤᠨ ᠤ ᠨᠠᠮ ᠤᠨ ᠬᠤᠷᠢᠶᠠᠨ ᠤ ᠭᠤᠷᠪᠠᠳ᠋ᠤᠭᠠᠷ ᠲᠤᠭᠤᠷᠢᠨ ᠪᠠᠢ᠌ᠴᠠᠭᠠᠬᠤ ᠲᠤᠭᠤᠢ᠌ᠯᠠᠩ ᠤᠨ ᠬᠢᠨ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠤᠳ᠋ᠤᠷᠢᠳᠬᠤ ᠲᠤᠭᠤᠢ᠌ᠯᠠᠩ ᠢ ᠲᠤᠭᠤᠷᠢᠨ ᠪᠠᠢ᠌ᠴᠠᠭᠠᠭᠰᠠᠨ ᠪᠠᠢ᠌ᠳ᠋ᠠᠯ ᠢ ᠬᠠᠷᠢᠭᠤ ᠲᠤᠰᠬᠠᠯᠳᠠ ᠵᠢᠨ ᠬᠤᠷᠠᠯ ᠬᠤᠷᠠᠯᠳ᠋ᠤᠭᠤᠯᠪᠠ


6 ᠰᠠᠷ᠎ᠠ ᠶᠢᠨ 11᠊ᠦ ᠡᠳ᠋ᠦᠷ᠂ ᠬᠤᠰᠢᠭᠤᠨ ᠤ ᠨᠠᠮ ᠤᠨ ᠬᠤᠷᠢᠶᠠᠨ ᠤ ᠭᠤᠷᠪᠠᠳ᠋ᠤᠭᠠᠷ ᠲᠤᠭᠤᠷᠢᠨ ᠪᠠᠢ᠌ᠴᠠᠭᠠᠬᠤ ᠲᠤᠭᠤᠢ᠌ᠯᠠᠩ ᠤᠨ ᠬᠢᠨ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠤᠳ᠋ᠤᠷᠢᠳᠬᠤ ᠲᠤᠭᠤᠢ᠌ᠯᠠᠩ ᠢ ᠲᠤᠭᠤᠷᠢᠨ ᠪᠠᠢ᠌ᠴᠠᠭᠠᠭᠰᠠᠨ ᠪᠠᠢ᠌ᠳ᠋ᠠᠯ ᠢ ᠬᠠᠷᠢᠭᠤ ᠲᠤᠰᠬᠠᠯᠳᠠ ᠵᠢᠨ ᠬᠤᠷᠠᠯ ᠬᠤᠷᠠᠯᠳ᠋ᠤᠭᠤᠯᠵᠤ᠂ ᠬᠤᠰᠢᠭᠤᠨ ᠤ ᠨᠠᠮ ᠤᠨ ᠬᠤᠷᠢᠶᠠᠨ ᠤ ᠭᠤᠷᠪᠠᠳ᠋ᠤᠭᠠᠷ ᠲᠤᠭᠤᠷᠢᠨ ᠪᠠᠢ᠌ᠴᠠᠭᠠᠬᠤ ᠠᠵᠢᠯ ᠤᠨ ᠤᠳ᠋ᠤᠷᠢᠳᠬᠤ ᠲᠤᠭᠤᠢ᠌ᠯᠠᠩ ᠤᠨ ᠪᠦᠷᠢᠯᠳ᠋ᠦᠭᠦᠨ ᠭᠡᠰᠢᠭᠦᠨ᠂ ᠬᠤᠰᠢᠭᠤᠨ ᠤ ᠰᠠᠬᠢᠯᠭ᠎ᠠ ᠪᠠᠳ᠋ᠤ ᠪᠠᠢ᠌ᠴᠠᠭᠠᠬᠤ ᠬᠤᠷᠢᠶᠠᠨ ᠤ ᠲᠡᠳ᠋ ᠱᠦ᠋ᠵᠢ᠂ ᠬᠢᠨᠠᠨ ᠪᠠᠢ᠌ᠴᠠᠭᠠᠬᠤ ᠵᠦ᠋ᠪᠯᠡᠯ ᠤᠨ ᠲᠡᠳ᠋ ᠡᠷᠬᠢᠯᠡᠭ᠍ᠴᠢ ᠪᠤᠤ ᠯᠢ ᠵᠢᠶᠦ᠋ᠨ᠂ ᠬᠤᠰᠢᠭᠤᠨ ᠤ ᠨᠠᠮ ᠤᠨ ᠬᠤᠷᠢᠶᠠᠨ ᠤ ᠭᠤᠷᠪᠠᠳ᠋ᠤᠭᠠᠷ ᠲᠤᠭᠤᠷᠢᠨ ᠪᠠᠢ᠌ᠴᠠᠭᠠᠬᠤ ᠲᠤᠭᠤᠢ᠌ᠯᠠᠩ ᠤᠨ ᠲᠠᠷᠤᠭ᠎ᠠ ᠰᠦ᠋ᠨ ᠳ᠋ᠸ ᡁᠢ᠂ ᠲᠡᠳ᠋ ᠲᠤᠭᠤᠢ᠌ᠯᠠᠩ ᠤᠨ ᠲᠠᠷᠤᠭ᠎ᠠ ᠹᠸᠩ ᠮᠸᠢ ᠬᠤᠷᠠᠯ ᠳᠤ ᠰᠠᠭᠠᠳ᠋ᠠᠪᠠ᠃ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠤᠳ᠋ᠤᠷᠢᠳᠬᠤ ᠲᠤᠭᠤᠢ᠌ᠯᠠᠩ ᠤᠨ ᠪᠦᠷᠢᠯᠳ᠋ᠦᠭᠦᠨ ᠭᠡᠰᠢᠭᠦᠨ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠯ᠎ᠠ ᠠᠵᠢᠯ ᠤᠨ ᠵᠦ᠋ᠪᠯᠡᠯ ᠤᠨ ᠬᠠᠷᠢᠭᠤᠴᠠᠯᠭᠠᠳ᠋ᠠᠨ ᠨᠦ᠋ᠭᠦᠳ ᠵᠢᠴᠢ ᠪᠠᠢ᠌ᠭᠤᠯᠭ᠎ᠠ ᠶᠢᠨ ᠪᠦᠬᠦ ᠨᠠᠮ ᠤᠨ ᠭᠡᠰᠢᠭᠦᠨ ᠺᠠᠳ᠋ᠷᠴᠤᠳ ᠬᠤᠷᠠᠯ ᠳᠤ ᠤᠷᠤᠯᠴᠠᠵᠤ᠂ ᠬᠤᠷᠠᠯ ᠢ ᠪᠠᠢ᠌ᠩᠭ᠋ᠤ ᠶᠢᠨ ᠬᠤᠷᠢᠶᠠᠨ ᠤ ᠨᠠᠷᠢᠨ ᠪᠢᠴᠢᠭ᠌ ᠤᠨ ᠲᠠᠷᠤᠭ᠎ᠠ᠂ ᠪᠠᠢ᠌ᠭᠤᠯᠭ᠎ᠠ ᠶᠢᠨ ᠨᠠᠮ ᠤᠨ ᠤᠳ᠋ᠤᠷᠢᠳᠬᠤ ᠲᠤᠭᠤᠢ᠌ᠯᠠᠩ ᠤᠨ ᠱᠦ᠋ᠵᠢ ᠯᠢ ᠴᠸᠩ ᠭᠦᠸᠸ ᠡᠷᠬᠢᠯᠡᠪᠡ᠃

ᠬᠤᠷᠠᠯ ᠲᠡᠭᠡᠷ᠎ᠠ᠂ ᠬᠤᠰᠢᠭᠤᠨ ᠤ ᠨᠠᠮ ᠤᠨ ᠬᠤᠷᠢᠶᠠᠨ ᠤ ᠭᠤᠷᠪᠠᠳ᠋ᠤᠭᠠᠷ ᠲᠤᠭᠤᠷᠢᠨ ᠪᠠᠢ᠌ᠴᠠᠭᠠᠬᠤ ᠲᠤᠭᠤᠢ᠌ᠯᠠᠩ ᠤᠨ ᠲᠠᠷᠤᠭ᠎ᠠ ᠰᠦ᠋ᠨ ᠳ᠋ᠸ ᡁᠢ ᠡᠴᠡ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠤᠳ᠋ᠤᠷᠢᠳᠬᠤ ᠲᠤᠭᠤᠢ᠌ᠯᠠᠩ ᠢ ᠲᠤᠭᠤᠷᠢᠨ ᠪᠠᠢ᠌ᠴᠠᠭᠠᠭᠰᠠᠨ ᠪᠠᠢ᠌ᠳ᠋ᠠᠯ ᠢ ᠬᠠᠷᠢᠭᠤ ᠲᠤᠰᠬᠠᠪᠠ᠂ ᠬᠤᠰᠢᠭᠤᠨ ᠤ ᠨᠠᠮ ᠤᠨ ᠬᠤᠷᠢᠶᠠᠨ ᠤ ᠲᠤᠭᠤᠷᠢᠨ ᠪᠠᠢ᠌ᠴᠠᠭᠠᠬᠤ ᠠᠵᠢᠯ ᠤᠨ ᠤᠳ᠋ᠤᠷᠢᠳᠬᠤ ᠲᠤᠭᠤᠢ᠌ᠯᠠᠩ ᠤᠨ ᠪᠦᠷᠢᠯᠳ᠋ᠦᠭᠦᠨ ᠭᠡᠰᠢᠭᠦᠨ᠂ ᠬᠤᠰᠢᠭᠤᠨ ᠤ ᠰᠠᠬᠢᠯᠭ᠎ᠠ ᠪᠠᠳ᠋ᠤ ᠪᠠᠢ᠌ᠴᠠᠭᠠᠬᠤ ᠬᠤᠷᠢᠶᠠᠨ ᠤ ᠲᠡᠳ᠋ ᠱᠦ᠋ᠵᠢ᠂ ᠬᠢᠨᠠᠨ ᠪᠠᠢ᠌ᠴᠠᠭᠠᠬᠤ ᠵᠦ᠋ᠪᠯᠡᠯ ᠤᠨ ᠲᠡᠳ᠋ ᠡᠷᠬᠢᠯᠡᠭ᠍ᠴᠢ ᠪᠤᠤ ᠯᠢ ᠵᠢᠶᠦ᠋ᠨ ᠬᠤᠰᠢᠭᠤᠨ ᠤ ᠨᠠᠮ ᠤᠨ ᠬᠤᠷᠢᠶᠠᠨ ᠤ ᠱᠦ᠋ᠵᠢ ᠶᠢᠨ ᠲᠤᠭᠤᠷᠢᠨ ᠪᠠᠢ᠌ᠴᠠᠭᠠᠬᠤ ᠠᠵᠢᠯ ᠤᠨ ᠬᠠᠷᠢᠭᠤ ᠮᠡᠳ᠋ᠡᠭᠦᠯᠦᠯᠳ᠋ᠡ ᠶᠢ ᠰᠤᠨᠤᠰᠬᠤ ᠦᠶᠡᠰ ᠤᠨ ᠶᠠᠷᠢᠶᠠᠨ ᠤ ᠵᠤᠷᠢᠭ ᠰᠠᠨᠠᠭ᠎ᠠ ᠶᠢ ᠤᠯᠠᠮᠵᠢᠯᠠᠭᠰᠠᠨ ᠪᠦᠭᠡᠳ ᠲᠠᠷᠠᠭᠠᠴᠢ ᠶᠢᠨ ᠠᠯᠬᠤᠮ ᠤᠨ ᠲᠤᠭᠤᠷᠢᠨ ᠪᠠᠢ᠌ᠴᠠᠭᠠᠯᠳ᠋ᠠ ᠶᠢ ᠴᠡᠭ᠍ᠴᠡᠯᠡᠨ ᠵᠠᠰᠠᠬᠤ ᠠᠵᠢᠯ ᠳᠤ ᠱᠠᠭᠠᠷᠳ᠋ᠠᠯᠭ᠎ᠠ ᠲᠤᠷᠠᠳᠪᠠ᠃

ᠪᠤᠤ ᠯᠢ ᠵᠢᠶᠦ᠋ᠨ ᠡᠴᠡ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠤᠳ᠋ᠤᠷᠢᠳᠬᠤ ᠲᠤᠭᠤᠢ᠌ᠯᠠᠩ ᠤᠯᠤᠰ ᠲᠦ᠋ᠷᠦ ᠶᠢᠨ ᠵᠤᠭᠰᠤᠴᠠ ᠪᠠᠨ ᠲᠡᠭᠡᠭ᠍ᠰᠢᠯᠡᠭᠦᠯᠦᠨ᠂ ᠦᠵᠡᠯ ᠰᠠᠨᠠᠭᠠᠨ ᠤ ᠲᠠᠨᠢᠯᠳ᠋ᠡ ᠪᠠᠨ ᠭᠦᠨᠵᠡᠭᠡᠢ᠌ᠷᠡᠭᠦᠯᠵᠦ᠂ ᠲᠤᠭᠤᠷᠢᠨ ᠪᠠᠢ᠌ᠴᠠᠭᠠᠵᠤ ᠴᠡᠭ᠍ᠴᠡᠯᠡᠨ ᠵᠠᠰᠠᠬᠤ ᠤᠯᠤᠰ ᠲᠦ᠋ᠷᠦ ᠶᠢᠨ ᠬᠠᠷᠢᠭᠤᠴᠠᠯᠭ᠎ᠠ ᠪᠠᠨ ᠡᠷᠡᠰ ᠡᠭᠦᠷᠭᠡᠯᠡᠨ᠂ ᠲᠤᠭᠤᠷᠢᠨ ᠪᠠᠢ᠌ᠴᠠᠭᠠᠵᠤ ᠴᠡᠭ᠍ᠴᠡᠯᠡᠨ ᠵᠠᠰᠠᠬᠤ ᠦᠵᠡᠯ ᠰᠠᠨᠠᠭᠠᠨ ᠤ ᠤᠬᠠᠮᠰᠡᠷ᠂ ᠤᠯᠤᠰ ᠲᠦ᠋ᠷᠦ ᠶᠢᠨ ᠤᠬᠠᠮᠰᠡᠷ᠂ ᠦᠢᠯᠡ ᠠᠵᠢᠯᠯᠠᠭ᠎ᠠ ᠶᠢᠨ ᠤᠬᠠᠮᠰᠡᠷ ᠶᠢᠡᠨ ᠲᠠᠰᠤᠷᠠᠯᠳ᠋ᠠ ᠦᠭᠡᠶ ᠴᠢᠩᠭ᠋ᠠᠳᠬᠠᠬᠤ ᠬᠡᠷᠡᠭ᠍ᠳ᠋ᠠᠢ᠂ ᠴᠡᠭ᠍ᠴᠡᠯᠡᠨ ᠵᠠᠰᠠᠬᠤ ᠬᠠᠷᠢᠭᠤᠴᠠᠯᠭ᠎ᠠ ᠶᠢ ᠪᠤᠳ᠋ᠠᠳ᠋ᠠᠢ᠌ᠵᠢᠭᠤᠯᠤᠨ᠂ ᠴᠡᠭ᠍ᠴᠡᠯᠡᠨ ᠵᠠᠰᠠᠬᠤ ᠠᠷᠭ᠎ᠠ ᠠᠪᠴᠠᠯ ᠢ ᠨᠠᠷᠢᠯᠢᠭᠵᠢᠭᠤᠯᠵᠤ᠂ ᠲᠤᠭᠤᠷᠢᠨ ᠪᠠᠢ᠌ᠴᠠᠭᠠᠵᠤ ᠴᠡᠭ᠍ᠴᠡᠯᠡᠨ ᠵᠠᠰᠠᠵᠤ ᠨᠠᠢ᠌ᠳ᠋ᠠᠪᠤᠷᠢᠵᠢᠭᠤᠯᠬᠤ ᠶᠢ ᠯᠠᠪᠳ᠋ᠠᠭᠤᠨ ᠪᠠᠳ᠋ᠤᠳ᠋ᠠᠢ ᠡᠷᠴᠢᠮᠳ᠋ᠠᠢ ᠰᠠᠢ᠌ᠳ᠋ᠤᠷ ᠬᠢᠵᠦ᠂ ᠬᠠᠷᠢᠭᠤ ᠲᠤᠰᠬᠠᠭᠰᠠᠨ ᠠᠰᠠᠭᠤᠳ᠋ᠠᠯ ᠳᠤ ᠠᠩᠬᠠᠷᠤᠯ ᠶᠢᠡᠨ ᠲᠦ᠋ᠪᠯᠡᠷᠡᠭᠦᠯᠦᠨ᠂ ᠴᠡᠭ᠍ᠴᠡᠯᠡᠨ ᠵᠠᠰᠠᠬᠤ ᠠᠷᠭ᠎ᠠ ᠠᠪᠴᠡᠯ ᠢ ᠵᠦ᠋ᠢᠯ ᠲᠠᠷᠠᠭᠠᠯᠠᠨ ᠨᠠᠷᠢᠯᠢᠭᠵᠢᠭᠤᠯᠵᠤ᠂ ᠵᠤᠬᠢᠶᠠᠨ ᠪᠠᠢ᠌ᠭᠤᠯᠵᠤ ᠤᠳ᠋ᠤᠷᠢᠳᠬᠤ ᠪᠠᠨ ᠴᠢᠩᠭ᠋ᠠᠳᠬᠠᠨ᠂ ᠴᠡᠭ᠍ᠴᠡᠯᠡᠨ ᠵᠠᠰᠠᠬᠤ ᠬᠠᠷᠢᠭᠤᠴᠠᠯᠭ᠎ᠠ ᠶᠢ ᠴᠢᠩᠭ᠋ᠠᠳᠬᠠᠨ ᠪᠤᠳ᠋ᠠᠳ᠋ᠠᠢ᠌ᠵᠢᠭᠤᠯᠵᠤ᠂ ᠴᠡᠭ᠍ᠴᠡᠯᠡᠨ ᠵᠠᠰᠠᠵᠤ ᠬᠢᠨᠠᠯᠳ᠋ᠠ ᠲᠠᠯᠪᠢᠬᠤ ᠶᠢ ᠴᠢᠩᠭ᠋ᠠᠳᠬᠠᠨ᠂ ᠲᠤᠭᠤᠷᠢᠨ ᠪᠠᠢ᠌ᠴᠠᠭᠠᠵᠤ ᠴᠡᠭ᠍ᠴᠡᠯᠡᠨ ᠵᠠᠰᠠᠬᠤ ᠶᠢ ᠬᠦᠴᠦ ᠪᠠᠨ ᠬᠠᠮᠳ᠋ᠤᠳᠬᠠᠨ ᠠᠬᠢᠭᠤᠯᠬᠤ ᠬᠡᠷᠡᠭ᠍ᠳ᠋ᠠᠢ᠂ ᠦᠩᠭᠡᠨ ᠲᠠᠯ᠎ᠠ ᠪᠠ ᠦᠨᠳ᠋ᠦᠰᠦ ᠡᠴᠡ ᠨᠢ ᠵᠠᠰᠠᠬᠤ ᠶᠢ ᠪᠠᠷᠢᠮᠳ᠋ᠠᠯᠠᠨ᠂ ᠦᠷ᠎ᠠ ᠪᠦᠳ᠋ᠦᠭᠡᠯ ᠤᠨ ᠬᠡᠷᠡᠭᠯᠡᠯᠳ᠋ᠡ ᠶᠢ ᠴᠢᠩᠭ᠋ᠠᠳᠬᠠᠵᠤ᠂ ᠲᠤᠭᠤᠷᠢᠨ ᠪᠠᠢ᠌ᠴᠠᠭᠠᠵᠤ ᠴᠡᠭ᠍ᠴᠡᠯᠡᠨ ᠵᠠᠰᠠᠭᠰᠠᠨ ᠦᠷ᠎ᠠ ᠪᠦᠳ᠋ᠦᠮᠵᠢ ᠶᠢ ᠪᠡᠬᠢᠵᠢᠭᠦᠯᠦᠨ ᠦᠷᠭᠡᠳᠭᠡᠬᠦ ᠬᠡᠷᠡᠭ᠍ᠳ᠋ᠠᠢ᠂ ᠤᠷᠳ᠋ᠤ ᠬᠤᠭᠤᠴᠠᠭᠠᠨ ᠤ ᠪᠦᠳ᠋ᠦᠮᠵᠢᠳ᠋ᠠᠢ ᠲᠤᠭᠳ᠋ᠠᠴᠠ ᠶᠢ ᠪᠠᠢ᠌ᠭᠤᠯᠤᠨ ᠪᠦᠷᠢᠨᠰᠢᠭᠦᠯᠵᠦ᠂ ᠴᠡᠭ᠍ᠴᠡᠯᠡᠨ ᠵᠠᠰᠠᠭᠰᠠᠨ ᠦᠷ᠎ᠠ ᠪᠦᠳ᠋ᠦᠭᠡᠯ ᠢ ᠪᠡᠬᠢᠵᠢᠭᠦᠯᠦᠨ᠂ ᠠᠵᠢᠯ ᠤᠨ ᠨᠠᠢ᠌ᠳ᠋ᠠᠪᠤᠷᠢᠵᠢᠭᠤᠯᠤᠯᠳ᠋ᠠ ᠶᠢ ᠴᠢᠩᠭ᠋ᠠᠳᠬᠠᠵᠤ᠂ ᠲᠤᠭᠤᠷᠢᠨ ᠪᠠᠢ᠌ᠴᠠᠭᠠᠵᠤ ᠴᠡᠭ᠍ᠴᠡᠯᠡᠨ ᠵᠠᠰᠠᠬᠤ《ᠰᠡᠭᠦᠯᠴᠢ ᠶᠢᠨ ᠠᠵᠢᠯ》᠊ᠢ ᠦᠨᠡᠨ ᠬᠦ ᠰᠠᠢ᠌ᠳ᠋ᠤᠷ ᠬᠢᠬᠦ ᠬᠡᠷᠡᠭ᠍ᠳ᠋ᠠᠢ ᠭᠡᠵᠦ ᠴᠢᠩᠭ᠋ᠠᠳᠬᠠᠪᠠ᠃

ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠨᠠᠷᠢᠨ ᠪᠢᠴᠢᠭ᠌ ᠤᠨ ᠲᠠᠷᠤᠭ᠎ᠠ᠂ ᠪᠠᠢ᠌ᠭᠤᠯᠭ᠎ᠠ ᠶᠢᠨ ᠨᠠᠮ ᠤᠨ ᠤᠳ᠋ᠤᠷᠢᠳᠬᠤ ᠲᠤᠭᠤᠢ᠌ᠯᠠᠩ ᠤᠨ ᠱᠦ᠋ᠵᠢ ᠯᠢ ᠴᠸᠩ ᠭᠦᠸᠸ ᠤᠪᠤᠷ ᠶᠢᠡᠨ ᠢᠯᠡᠳᠭᠡᠬᠦ ᠶᠠᠷᠢᠶᠠᠨ ᠳᠤ ᠢᠯᠡᠷᠬᠡᠢ᠌ᠯᠡᠭ᠍ᠰᠡᠨ ᠨᠢ᠂ ᠬᠤᠰᠢᠭᠤᠨ ᠤ ᠨᠠᠮ ᠤᠨ ᠬᠤᠷᠢᠶᠠᠨ ᠤ ᠲᠤᠭᠤᠷᠢᠨ ᠪᠠᠢ᠌ᠴᠠᠭᠠᠬᠤ ᠲᠤᠭᠤᠢ᠌ᠯᠠᠩ ᠤᠨ ᠬᠠᠷᠢᠭᠤ ᠲᠤᠰᠬᠠᠭᠰᠠᠨ ᠰᠠᠨᠠᠯ ᠨᠢ ᠦᠨᠡᠨ ᠡᠴᠡ ᠵᠦ᠋ᠪ ᠢ ᠡᠷᠢᠵᠦ᠂ ᠪᠦᠬᠦ ᠲᠠᠯ᠎ᠠ ᠪᠠᠷ ᠪᠤᠰᠤᠳᠴᠢ ᠮᠦ᠋ᠷᠳ᠋ᠡᠭᠡᠨ ᠮᠠᠰᠢ ᠴᠢᠩᠭ᠎ᠠ ᠬᠠᠨᠳ᠋ᠤᠯᠭᠠᠳ᠋ᠤ ᠴᠢᠨᠠᠷ ᠪᠠ ᠵᠢᠯᠤᠭᠤᠳᠬᠤ ᠴᠢᠨᠠᠷ ᠲᠡᠶ ᠃ ᠬᠤᠰᠢᠭᠤᠨ ᠤ ᠨᠠᠮ ᠤᠨ ᠬᠤᠷᠢᠶᠠᠨ ᠤ ᠲᠤᠭᠤᠷᠢᠨ ᠪᠠᠢ᠌ᠴᠠᠭᠠᠬᠤ ᠠᠵᠢᠯ ᠤᠨ ᠤᠳ᠋ᠤᠷᠢᠳᠬᠤ ᠲᠤᠭᠤᠢ᠌ᠯᠠᠩ ᠤᠨ ᠱᠠᠭᠠᠷᠳ᠋ᠠᠯᠭ᠎ᠠ ᠶᠢ ᠦᠨᠳ᠋ᠦᠰᠦᠯᠡᠨ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠤᠳ᠋ᠤᠷᠢᠳᠬᠤ ᠲᠤᠭᠤᠢ᠌ᠯᠠᠩ ᠲᠠᠷᠠᠭᠠᠴᠢ ᠶᠢᠨ ᠠᠯᠬᠤᠮ ᠳᠤ ᠲᠠᠨᠢᠯᠳ᠋ᠠ ᠪᠠᠨ ᠲᠡᠭᠡᠭ᠍ᠰᠢᠯᠡᠭᠦᠯᠵᠦ᠂ ᠬᠠᠷᠢᠭᠤᠴᠠᠯᠭ᠎ᠠ ᠪᠠᠨ ᠪᠤᠳ᠋ᠠᠳ᠋ᠠᠢ᠌ᠵᠢᠭᠤᠯᠤᠨ᠂ ᠴᠡᠭ᠍ᠴᠡᠯᠡᠨ ᠵᠠᠰᠠᠬᠤ ᠠᠵᠢᠯ ᠢ ᠨᠠᠢ᠌ᠳ᠋ᠠᠪᠤᠷᠢᠵᠢᠭᠤᠯᠬᠤ ᠶᠢ ᠦᠨᠡᠨ ᠬᠦ ᠰᠤᠷᠳ᠋ᠠᠯ ᠶᠢᠡᠨ ᠰᠠᠢ᠌ᠵᠢᠷᠠᠭᠤᠯᠬᠤ᠂ ᠠᠵᠢᠯ ᠶᠢᠡᠨ ᠠᠬᠢᠭᠤᠯᠬᠤ ᠪᠤᠳ᠋ᠠᠳ᠋ᠤ ᠠᠵᠢᠯᠯᠠᠭ᠎ᠠ ᠪᠤᠯᠭᠠᠨ᠎ᠠ ᠭᠡᠵᠠᠢ᠃(ᠯᠸᠢ ᠫᠠᠩ)