ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢᠯ ᠤᠨ《ᠵᠠᠭᠤᠨ ᠬᠤᠷᠢᠶᠠᠨ ᠤ ᠶᠡᠬᠡ ᠪᠠᠢ᠌ᠯᠳ᠋ᠤᠭᠠᠨ》ᠭᠡᠬᠦ ᠺᠢᠨᠤ᠋ ᠶᠢ ᠦᠵᠡᠪᠡ
ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢᠯ ᠢ ᠭᠦᠨᠵᠡᠭᠡᠢ ᠦᠷᠨᠢᠭᠦᠯᠦᠨ᠂ ᠦᠷᠡᠭ᠍ᠳ᠋ᠡᠭ᠍ᠰᠡᠨ ᠪᠠᠭᠠᠳ᠋ᠤᠷᠴᠤᠳ ᠤᠨ ᠠᠮᠢ ᠪᠡᠶ᠎ᠠ ᠪᠠᠨ ᠴᠦ᠋ᠯᠡᠵᠦ ᠤᠯᠤᠰ ᠤᠷᠤᠨ ᠶᠢᠡᠨ ᠬᠠᠮᠠᠭᠠᠯᠠᠭᠰᠠᠨ ᠭᠡᠷᠡᠯ ᠰᠠᠴᠤᠷᠠᠩᠭ᠋ᠤᠢ ᠭᠠᠪᠢᠶ᠎ᠠ ᠵᠢᠳᠭᠦᠯ ᠢ ᠲᠤᠷᠠᠰᠤᠨ ᠰᠠᠨᠠᠭᠠᠯᠵᠠᠵᠤ᠂ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠭᠡᠰᠢᠭᠦᠨ ᠺᠠᠳ᠋ᠷᠴᠤᠳ ᠤᠨ ᠤᠯᠤᠰ ᠶᠢᠡᠨ ᠬᠠᠢ᠌ᠷᠠᠯᠠᠬᠤ ᠰᠡᠳᠭᠢᠯᠭᠡ ᠪᠠ ᠦᠨᠳ᠋ᠦᠰᠦᠳ᠋ᠡᠨ ᠤ ᠵᠤᠷᠢᠭ ᠰᠠᠨᠠᠭ᠎ᠠ ᠶᠢ ᠤᠯᠠᠮ ᠨᠢᠭᠡ ᠠᠯᠬᠤᠮ ᠪᠠᠳ᠋ᠠᠷᠠᠭᠤᠯᠬᠤ ᠶᠢᠨ ᠲᠦ᠋ᠯᠦᠭᠡ᠂ 6 ᠰᠠᠷ᠎ᠠ ᠶᠢᠨ 18᠊ᠦ ᠡᠳ᠋ᠦᠷ ᠤᠨ ᠦᠳ᠋ᠡ ᠶᠢᠨ ᠬᠤᠢ᠌ᠨ᠎ᠠ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠨᠠᠮ ᠤᠨ ᠭᠡᠰᠢᠭᠦᠨ ᠺᠠᠳ᠋ᠷᠴᠤᠳ ᠢ ᠵᠤᠬᠢᠶᠠᠨ ᠪᠠᠢ᠌ᠭᠤᠯᠵᠤ ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢᠯ ᠤᠨ《ᠵᠠᠭᠤᠨ ᠬᠤᠷᠢᠶᠠᠨ ᠤ ᠶᠡᠬᠡ ᠪᠠᠢ᠌ᠯᠳ᠋ᠤᠭᠠᠨ》ᠭᠡᠬᠦ ᠺᠢᠨᠤ᠋ ᠦᠵᠡᠪᠡ᠃

《ᠵᠠᠭᠤᠨ ᠬᠤᠷᠢᠶᠠᠨ ᠤ ᠶᠡᠬᠡ ᠪᠠᠢ᠌ᠯᠳ᠋ᠤᠭᠠᠨ》ᠨᠢ ᠭᠤᠤᠯᠳ᠋ᠠᠭᠤ ᠲᠤᠮᠳ᠋ᠠᠳ᠋ᠤ ᠶᠢᠨ ᠶᠠᠫᠤᠨ ᠢ ᠡᠰᠡᠷᠭᠦᠴᠡᠬᠦ ᠲᠠᠢ᠌ᠨ ᠤ ᠦᠶᠡᠰ᠂ ᠲᠤᠮᠳ᠋ᠠᠳ᠋ᠤ ᠤᠯᠤᠰ ᠤᠨ ᠡᠪ ᠬᠠᠮᠳ᠋ᠤ ᠨᠠᠮ ᠤᠨ ᠤᠳ᠋ᠤᠷᠢᠳ᠋ᠤᠯᠭ᠎ᠠ ᠲᠤᠤᠷ᠎ᠠ ᠨᠢ᠋ᠮᠠᠳ᠋ᠤᠭᠠᠷ ᠵᠠᠮ ᠤᠨ ᠴᠡᠷᠢᠭ᠌ ᠪᠠ ᠦᠷᠭᠡᠨ ᠤᠯᠠᠨ ᠠᠷᠠᠳ ᠲᠦ᠋ᠮᠡᠨ ᠮᠠᠨ ᠤ ᠤᠯᠤᠰ ᠤᠨ ᠤᠮᠠᠷᠠᠳ᠋ᠤ ᠶᠢᠨ ᠤᠷᠤᠨ ᠳ᠋ᠡᠬᠢ ᠶᠠᠫᠤᠨ ᠴᠡᠷᠢᠭ᠌ ᠲᠤ ᠶᠠᠪᠤᠭᠤᠯᠤᠭᠰᠠᠨ ᠬᠡᠪᠴᠢᠶ᠎ᠠ ᠪᠠᠷ ᠬᠠᠮᠤᠭ ᠶᠡᠬᠡ᠂ ᠦᠷᠭᠦᠯᠵᠢᠯᠡᠭ᠍ᠰᠡᠨ ᠴᠠᠭ ᠶᠢᠡᠷ ᠬᠠᠮᠤᠭ ᠤᠷᠳ᠋ᠤ ᠲᠠᠢ᠌ᠯᠠᠯᠳ᠋ᠤᠭᠠᠨ ᠢ ᠶᠠᠷᠢᠵᠠᠢ᠃ ᠲᠤᠰ ᠺᠢᠨᠤ᠋ ᠨᠢ ᠶᠡᠬᠡ ᠲᠠᠢ᠌ᠨ ᠤ ᠲᠡᠦᠬᠡ ᠶᠢᠨ ᠠᠬᠤᠢ ᠪᠠᠢ᠌ᠳ᠋ᠠᠯ᠂ ᠬᠦᠭ᠍ᠵᠢᠯᠳ᠋ᠡ ᠶᠢᠨ ᠶᠠᠪᠤᠴᠠ ᠪᠠ ᠴᠢᠬᠤᠯᠠ ᠠᠴᠢ ᠬᠤᠯᠪᠤᠭᠳ᠋ᠠᠯ ᠢ ᠭᠦᠢᠴᠡᠳ ᠢᠯᠡᠷᠡᠭᠦᠯᠦᠨ᠂ ᠨᠠᠮ ᠤᠨ ᠲᠦ᠋ᠪ ᠬᠤᠷᠢᠶᠠᠨ ᠤ ᠪᠠᠢ᠌ᠯᠳ᠋ᠤᠭᠠᠨ ᠤ ᠰᠢ᠌ᠳᠪᠦᠷᠢᠳ᠋ᠦ ᠪᠤᠳ᠋ᠤᠯᠭ᠎ᠠ ᠭᠠᠷᠭᠠᠭᠰᠠᠨ᠂ ᠨᠢ᠋ᠮᠠᠳ᠋ᠤᠭᠠᠷ ᠵᠠᠮ ᠤᠨ ᠴᠡᠷᠢᠭ᠌ ᠤᠨ ᠴᠢᠰᠦᠳ᠋ᠦ ᠪᠠᠢ᠌ᠯᠳ᠋ᠤᠭᠠᠨ᠂ ᠠᠷᠠᠳ ᠲᠦ᠋ᠮᠡᠨ ᠤ ᠪᠠᠢ᠌ᠯᠳ᠋ᠤᠭᠠᠨ ᠤ ᠯᠤᠳ᠋ᠤ ᠶᠡᠬᠡ ᠰᠦ᠋ᠷ ᠬᠦᠴᠦᠨ ᠢ ᠲᠤᠰᠬᠠᠵᠤ᠂ ᠲᠤᠮᠳ᠋ᠠᠳ᠋ᠤ ᠤᠯᠤᠰ ᠤᠨ ᠡᠪ ᠬᠠᠮᠳ᠋ᠤ ᠨᠠᠮ ᠤᠨ ᠶᠠᠫᠤᠨ ᠢ ᠡᠰᠡᠷᠭᠦᠴᠡᠬᠦ ᠲᠠᠢ᠌ᠨ ᠤ ᠲᠤᠮᠳ᠋ᠠᠬᠢ ᠭᠤᠤᠯ ᠲᠤᠯᠭᠠᠭᠤᠷᠢ ᠶᠢᠨ ᠦᠢᠯᠡᠳ᠋ᠦᠯ ᠢ ᠭᠦᠨᠵᠡᠭᠡᠢ ᠢᠯᠡᠷᠡᠭᠦᠯᠦᠭ᠍ᠰᠡᠨ ᠪᠠᠢ᠌ᠨ᠎ᠠ᠃

ᠲᠤᠰ ᠬᠤᠪᠢᠰᠬᠠᠯᠳ᠋ᠤ ᠤᠨ ᠺᠢᠨᠤ᠋ ᠶᠢ ᠦᠵᠡᠬᠦ ᠪᠠᠷ ᠲᠠᠮᠵᠢᠨ᠂ ᠪᠦᠭᠦᠳ᠋ᠡᠭᠡᠷ ᠶᠢᠡᠨ ᠬᠤᠢ᠌ᠰᠢᠳ᠋ᠠ ᠶᠢᠨ ᠠᠵᠢᠯ ᠤᠨ ᠲᠤᠮᠳ᠋ᠠ ᠪᠠᠨ ᠬᠤᠪᠢᠰᠬᠠᠯ ᠤᠨ ᠦᠷᠡᠭ᠍ᠳ᠋ᠡᠭ᠍ᠰᠡᠨ ᠪᠠᠭᠠᠳ᠋ᠤᠷᠴᠤᠳ ᠤᠨ ᠭᠡᠷᠡᠯ ᠰᠠᠴᠤᠷᠠᠩᠭ᠋ᠤᠢ ᠤᠯᠠᠮᠵᠢᠯᠡᠯ ᠢ ᠦᠷᠭᠦᠯᠵᠢᠯᠡᠨ ᠪᠠᠳ᠋ᠠᠷᠠᠭᠤᠯᠵᠤ᠂ ᠲᠤᠬᠠᠢ᠌ᠯᠠᠭᠰᠠᠨ ᠠᠵᠢᠯ ᠤᠨ ᠪᠠᠢ᠌ᠷᠢ ᠳᠠᠭᠠᠨ ᠰᠠᠭᠤᠷᠢᠯᠡᠨ᠂ ᠨᠠᠷᠢᠨ ᠬᠢᠨᠠᠮᠠᠭᠠᠢ ᠲᠤᠰᠢᠶᠠᠯ ᠶᠢᠡᠨ ᠭᠦᠢᠴᠡᠳᠭᠡᠬᠦ ᠶᠢ ᠪᠠᠷᠢᠮᠳ᠋ᠠᠯᠠᠵᠤ᠂ ᠬᠦᠰᠡᠯ ᠢᠳ᠋ᠡᠭᠡᠯ ᠵᠤᠷᠢᠭ ᠶᠢᠡᠨ ᠤᠯᠠᠮ ᠨᠢᠭᠡ ᠠᠯᠬᠤᠮ ᠡᠷᠴᠢᠯᠡᠨ᠂ ᠲᠡᠦᠬᠡ ᠶᠢ ᠰᠤᠷᠤᠯᠴᠠᠵᠤ ᠶᠤᠰᠤ ᠤᠴᠢᠷ ᠢ ᠤᠢ᠌ᠯᠠᠭᠠᠨ᠂ ᠲᠡᠦᠬᠡ ᠶᠢ ᠰᠤᠷᠤᠯᠴᠠᠵᠤ ᠢᠳ᠋ᠡᠭᠡᠯ ᠶᠢᠡᠨ ᠨᠡᠮᠡᠭ᠍ᠳ᠋ᠡᠭᠦᠯᠵᠦ᠂ ᠲᠡᠦᠬᠡ ᠶᠢ ᠰᠤᠷᠤᠯᠴᠠᠵᠤ ᠶᠤᠰᠤ ᠰᠤᠷᠳ᠋ᠠᠬᠤᠨ ᠢ ᠡᠷᠬᠢᠮᠯᠡᠨ᠂ ᠲᠡᠦᠬᠡ ᠶᠢ ᠰᠤᠷᠤᠯᠴᠠᠵᠤ ᠴᠢᠷᠮᠠᠢ᠌ᠨ ᠦᠢᠯᠡᠳ᠋ᠦᠯᠭᠡᠵᠢᠭᠦᠯᠵᠦ᠂ ᠬᠠᠳ᠋ᠠᠭᠠᠰᠤ ᠬᠠᠳ᠋ᠠᠬᠤ ᠵᠤᠷᠢᠭ ᠰᠠᠨᠠᠭ᠎ᠠ ᠪᠠᠷ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠡᠯ᠎ᠠ ᠠᠵᠢᠯ ᠤᠨ ᠡᠭᠦᠷᠭᠡ ᠪᠠᠨ ᠠᠮᠵᠢᠯᠳ᠋ᠠᠢ ᠪᠡᠶᠡᠯᠡᠭᠦᠯᠬᠦ ᠶᠢ ᠠᠬᠢᠭᠤᠯᠤᠨ᠎ᠠ ᠭᠡᠵᠦ ᠢᠯᠡᠷᠬᠡᠢ᠌ᠯᠡᠵᠡᠭᠡᠪᠡ᠃(ᠯᠸᠢ ᠫᠠᠩ)