ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠦ ᠴᠢᠩ ᠬᠠᠢ ᠪᠠᠶᠠᠷᠳ᠋ᠤᠬᠤᠰᠢᠭᠤ ᠪᠠᠯᠭᠠᠰᠤᠨ ᠤ ᠰᠢᠨ᠎ᠠ ᠲᠢᠳ᠋ᠢᠮᠯᠢᠭ᠌ ᠠᠭᠤᠰᠭᠢᠨ ᠦᠷᠪᠢᠰᠦᠯ ᠤᠨ ᠸᠠᠺᠼᠢᠨ ᠤ ᠲᠠᠷᠢᠯᠭ᠎ᠠ ᠶᠢᠨ ᠠᠵᠢᠯ ᠤᠨ ᠪᠠᠢ᠌ᠳ᠋ᠠᠯ ᠢ ᠪᠠᠢ᠌ᠴᠠᠭᠠᠨ ᠵᠢᠯᠤᠭᠤᠳ᠋ᠤᠪᠠ
ᠬᠤᠰᠢᠭᠤᠨ ᠤ ᠨᠠᠮ ᠤᠨ ᠬᠤᠷᠢᠶᠠᠨ ᠤ ᠨᠢᠭᠡᠳ᠋ᠦᠯᠳ᠋ᠠᠢ ᠪᠠᠢ᠌ᠷᠢᠯᠠᠭᠤᠯᠤᠯᠳ᠋ᠠ ᠶᠢ ᠦᠨᠳ᠋ᠦᠰᠦᠯᠡᠨ᠂ ᠰᠤᠮᠤ ᠪᠠᠯᠭᠠᠰᠤᠨ ᠤ ᠠᠩᠬᠠᠳ᠋ᠤᠭᠠᠷ ᠱᠠᠳ᠋ᠤᠨ ᠤ ᠰᠢᠨ᠎ᠠ ᠲᠢᠳ᠋ᠢᠮᠯᠢᠭ᠌ ᠠᠭᠤᠰᠭᠢᠨ ᠦᠷᠪᠢᠰᠦᠯ ᠤᠨ ᠸᠠᠺᠼᠢᠨ ᠤ ᠲᠠᠷᠢᠯᠭ᠎ᠠ ᠶᠢᠨ ᠠᠵᠢᠯ ᠢ ᠰᠢᠨᠵᠢᠯᠡᠬᠦ ᠤᠬᠠᠭᠠᠨᠴᠢ ᠡᠮᠬᠢ ᠵᠢᠷᠤᠮ ᠲᠡᠶ ᠰᠠᠢ᠌ᠳ᠋ᠤᠷ ᠬᠢᠵᠦ᠂ ᠤᠯᠠᠨ ᠲᠦ᠋ᠮᠡᠨ ᠤ ᠦᠯᠦ ᠬᠠᠯᠳ᠋ᠠᠭᠠᠬᠤ ᠬᠠᠯᠬᠠᠪᠴᠢ ᠶᠢ ᠲᠦ᠋ᠷᠭᠡᠬᠡᠨ ᠪᠠᠢ᠌ᠭᠤᠯᠬᠤ ᠶᠢ ᠲᠦ᠋ᠯᠬᠢᠨ ᠠᠬᠢᠭᠤᠯᠵᠤ᠂ ᠠᠷᠠᠳ ᠤᠯᠠᠨ ᠤ ᠠᠮᠢ ᠨᠠᠰᠤ ᠡᠷᠡᠭᠦᠯ ᠮᠡᠨᠳ᠋ᠦ ᠶᠢᠨ ᠠᠮᠤᠷ ᠲᠦ᠋ᠪᠰᠢᠨ ᠢ ᠪᠠᠳ᠋ᠤᠯᠠᠬᠤ ᠶᠢᠨ ᠲᠦ᠋ᠯᠦᠭᠡ᠂ 6 ᠰᠠᠷ᠎ᠠ ᠶᠢᠨ 21᠊ᠦ ᠡᠳ᠋ᠦᠷ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠦ ᠴᠢᠩ ᠬᠠᠢ ᠪᠠᠶᠠᠷᠳ᠋ᠤᠬᠤᠰᠢᠭᠤ ᠪᠠᠯᠭᠠᠰᠤᠨ ᠳᠤ ᠬᠦᠷᠴᠦ ᠰᠢᠨ᠎ᠠ ᠲᠢᠳ᠋ᠢᠮᠯᠢᠭ᠌ ᠠᠭᠤᠰᠭᠢᠨ ᠦᠷᠪᠢᠰᠦᠯ ᠤᠨ ᠸᠠᠺᠼᠢᠨ ᠤ ᠲᠠᠷᠢᠯᠭ᠎ᠠ ᠶᠢᠨ ᠠᠵᠢᠯ ᠤᠨ ᠠᠬᠢᠴᠡ ᠶᠢᠨ ᠪᠠᠢ᠌ᠳ᠋ᠠᠯ ᠢ ᠪᠠᠢ᠌ᠴᠠᠭᠠᠨ ᠵᠢᠯᠤᠭᠤᠳᠪᠠ᠃

ᠪᠠᠶᠠᠷᠳ᠋ᠤᠬᠤᠰᠢᠭᠤ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶᠠᠨ ᠤ ᠰᠢᠨ᠎ᠠ ᠲᠢᠳ᠋ᠢᠮᠯᠢᠭ᠌ ᠠᠭᠤᠰᠭᠢᠨ ᠦᠷᠪᠢᠰᠦᠯ ᠤᠨ ᠸᠠᠺᠼᠢᠨ ᠤ ᠲᠠᠷᠢᠯᠭ᠎ᠠ ᠶᠢᠨ ᠴᠡᠭ᠌ ᠤᠨ ᠠᠵᠢᠯ ᠡᠮᠬᠢ ᠵᠢᠷᠤᠮ ᠲᠡᠶ ᠶᠠᠪᠤᠭᠳ᠋ᠠᠵᠤ᠂ ᠲᠠᠷᠢᠯᠭ᠎ᠠ ᠬᠢᠬᠦ ᠪᠠᠷ ᠢᠷᠡᠭ᠍ᠰᠡᠨ ᠮᠠᠯᠴᠢᠳ ᠪᠠ ᠠᠷᠠᠳ ᠲᠦ᠋ᠮᠡᠨ ᠡᠴᠡ ᠠᠵᠢᠯᠳ᠋ᠡᠨ ᠤ ᠵᠢᠯᠤᠭᠤᠳ᠋ᠤᠯᠭ᠎ᠠ ᠲᠤᠤᠷ᠎ᠠ᠂ ᠮᠡᠳ᠋ᠡᠭᠡ ᠵᠠᠩᠭᠢ ᠶᠢ ᠲᠠᠩᠰᠠᠯᠠᠬᠤ᠂ ᠸᠠᠺᠼᠢᠨ ᠤ ᠲᠠᠷᠢᠯᠭ᠎ᠠ ᠬᠢᠬᠦ᠂ ᠦᠯᠡᠳ᠋ᠡᠭᠡᠨ ᠠᠵᠢᠭᠯᠠᠬᠤ ᠵᠡᠷᠭᠡ ᠡᠯ᠎ᠠ ᠵᠦ᠋ᠢᠯ ᠤᠨ ᠭᠤᠭᠴᠤᠭ᠎ᠠ ᠶᠢ ᠡᠮᠬᠢ ᠵᠢᠷᠤᠮ ᠶᠤᠰᠤᠭᠠᠷ ᠶᠠᠪᠤᠭᠳ᠋ᠠᠭᠤᠯᠵᠤ ᠪᠠᠢ᠌ᠨ᠎ᠠ᠃ ᠡᠦ ᠴᠢᠩ ᠬᠠᠢ ᠤᠨᠤᠰᠢᠯᠡᠯᠳ᠋ᠡ ᠬᠦᠯᠢᠶᠡᠬᠦ ᠲᠤᠭᠤᠷᠢᠭ᠂ ᠲᠠᠩᠰᠠᠯᠠᠬᠤ ᠭᠠᠵᠠᠷ᠂ ᠲᠠᠷᠢᠯᠭ᠎ᠠ ᠶᠢᠨ ᠴᠡᠭ᠌᠂ ᠦᠯᠡᠳ᠋ᠡᠭᠡᠨ ᠠᠵᠢᠭᠯᠠᠬᠤ ᠲᠤᠭᠤᠷᠢᠭ ᠵᠡᠷᠭᠡ ᠲᠤᠬᠠᠢ ᠶᠢᠨ ᠭᠠᠵᠠᠷ ᠢ ᠪᠠᠢ᠌ᠴᠠᠭᠠᠨ ᠦᠵᠡᠵᠦ᠂ ᠲᠠᠷᠢᠯᠭ᠎ᠠ ᠬᠢᠬᠦ ᠬᠦᠮᠦᠨ ᠤ ᠲᠤᠬᠢᠷᠠᠭᠤᠯᠤᠯᠳ᠋ᠠ᠂ ᠲᠤᠨᠤᠭ ᠲᠦ᠋ᠬᠦᠭᠡᠷᠦᠮᠵᠢ᠂ ᠸᠠᠺᠼᠢᠨ ᠤ ᠬᠠᠮᠢᠶᠠᠷᠤᠯᠳ᠋ᠠ᠂ ᠪᠠᠴᠢᠮ ᠪᠠᠢ᠌ᠳ᠋ᠠᠯ ᠢ ᠠᠷᠭᠠᠴᠡᠨ ᠰᠢ᠌ᠳᠪᠦᠷᠢᠯᠡᠬᠦ ᠵᠡᠷᠭᠡ ᠪᠠᠢ᠌ᠳ᠋ᠠᠯ ᠢ ᠨᠠᠷᠢᠨ ᠤᠢ᠌ᠯᠠᠭᠠᠭᠰᠠᠨ ᠮᠦ᠋ᠷᠳ᠋ᠡᠭᠡᠨ ᠰᠢᠨ᠎ᠠ ᠲᠢᠳ᠋ᠢᠮᠯᠢᠭ᠌ ᠠᠭᠤᠰᠭᠢᠨ ᠦᠷᠪᠢᠰᠦᠯ ᠤᠨ ᠸᠠᠺᠼᠢᠨ ᠤ ᠲᠠᠷᠢᠯᠭ᠎ᠠ ᠶᠢᠨ ᠠᠵᠢᠯ ᠤᠨ ᠬᠤᠷᠠᠯ ᠬᠤᠷᠠᠯᠳ᠋ᠤᠭᠤᠯᠪᠠ᠃

ᠡᠦ ᠴᠢᠩ ᠬᠠᠢ ᠡᠴᠡ᠂ ᠪᠠᠶᠠᠷᠳ᠋ᠤᠬᠤᠰᠢᠭᠤ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠤᠷᠳ᠋ᠤᠨ ᠰᠢᠨ᠎ᠠ ᠲᠢᠳ᠋ᠢᠮᠯᠢᠭ᠌ ᠠᠭᠤᠰᠭᠢᠨ ᠦᠷᠪᠢᠰᠦᠯ ᠤᠨ ᠸᠠᠺᠼᠢᠨ ᠤ ᠲᠠᠷᠢᠯᠭ᠎ᠠ ᠶᠢᠨ ᠠᠵᠢᠯ ᠢ ᠲᠡᠭᠡᠳ᠋ᠦ ᠬᠡᠮᠵᠢᠶ᠎ᠠ ᠪᠠᠷ ᠴᠢᠬᠤᠯᠠᠴᠢᠯᠡᠨ ᠦᠵᠡᠵᠦ᠂ ᠤᠬᠠᠭᠤᠯᠭ᠎ᠠ ᠶᠢᠨ ᠡᠷᠴᠢᠮ ᠶᠢᠡᠨ ᠤᠯᠠᠮ ᠴᠢᠨᠠᠭᠰᠢᠳ᠋ᠡ ᠴᠢᠩᠭ᠋ᠠᠷᠠᠭᠤᠯᠤᠨ᠂ ᠬᠤᠷᠠᠯ ᠬᠢᠵᠦ ᠲᠦ᠋ᠪᠯᠡᠷᠡᠭᠦᠯᠦᠨ ᠤᠬᠠᠭᠤᠯᠬᠤ᠂ ᠡᠷᠦᠭᠡ ᠳᠤ ᠤᠷᠤᠵᠤ ᠤᠬᠠᠭᠤᠯᠬᠤ᠂ ᠤᠬᠠᠭᠤᠯᠭ᠎ᠠ ᠶᠢᠨ ᠬᠠᠭᠤᠳ᠋ᠠᠰᠤ ᠲᠠᠷᠬᠠᠭᠠᠬᠤ᠂ ᠰᠢᠨ᠎ᠠ ᠵᠠᠭᠤᠴᠢᠯᠠᠭᠤᠷ ᠤᠨ ᠤᠬᠠᠭᠤᠯᠭ᠎ᠠ ᠬᠢᠬᠦ ᠵᠡᠷᠭᠡ ᠪᠦᠳ᠋ᠦᠮᠵᠢᠳ᠋ᠠᠢ ᠠᠷᠭ᠎ᠠ ᠬᠡᠮᠵᠢᠶ᠎ᠠ ᠪᠠᠷ ᠲᠠᠮᠵᠢᠨ᠂ ᠸᠠᠺᠼᠢᠨ ᠤ ᠲᠠᠷᠢᠯᠭ᠎ᠠ ᠶᠢᠨ ᠠᠰᠢᠭ ᠲᠤᠰᠠ ᠶᠢ ᠤᠯᠠᠨ ᠲᠠᠯ᠎ᠠ ᠡᠴᠡ ᠤᠬᠠᠭᠤᠯᠵᠤ᠂ ᠤᠯᠠᠨ ᠲᠦ᠋ᠮᠡᠨ ᠤ ᠤᠢ᠌ᠯᠠᠭᠠᠬᠤ ᠨᠤᠷᠮ᠎ᠠ ᠶᠢ ᠲᠡᠭᠡᠭ᠍ᠰᠢᠯᠡᠭᠦᠯᠦᠨ᠂ ᠤᠬᠠᠭᠤᠯᠭ᠎ᠠ ᠶᠢ ᠪᠦᠭᠦᠳ᠋ᠡ ᠳᠤ ᠪᠦᠷᠬᠦᠬᠦᠯᠬᠦ ᠶᠢ ᠦᠨᠡᠨ ᠬᠦ ᠪᠠᠳ᠋ᠤᠯᠠᠬᠤ ᠬᠡᠷᠡᠭ᠍ᠳ᠋ᠠᠢ ᠭᠡᠵᠦ ᠱᠠᠭᠠᠷᠳ᠋ᠠᠪᠠ᠃

ᠬᠤᠷᠠᠯ ᠲᠡᠭᠡᠷ᠎ᠠ᠂ ᠡᠦ ᠴᠢᠩ ᠬᠠᠢ ᠪᠠᠰᠠ ᠤᠳ᠋ᠤᠬᠠᠨ ᠤ ᠭᠤᠤᠯᠳ᠋ᠠᠯᠭ᠎ᠠ ᠲᠡᠶ ᠠᠵᠢᠯ ᠢ ᠲᠤᠬᠢᠷᠠᠭᠤᠯᠤᠨ ᠪᠠᠢ᠌ᠷᠢᠯᠠᠭᠤᠯᠵᠤ᠂ ᠪᠠᠶᠠᠷᠳ᠋ᠤᠬᠤᠰᠢᠭᠤ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠤᠷᠳ᠋ᠤᠨ ᠠᠶᠤᠯᠭᠦᠢ ᠦᠢᠯᠡᠳᠪᠦᠷᠢᠯᠡᠯ ᠤᠨ ᠤᠯᠤᠰ ᠲᠦ᠋ᠷᠦ ᠶᠢᠨ ᠬᠠᠷᠢᠭᠤᠴᠠᠯᠭ᠎ᠠ ᠪᠤᠯᠤᠨ ᠠᠵᠢᠯ ᠤᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠪᠦᠬᠦ ᠪᠠᠯᠭᠠᠰᠤᠨ ᠤ ᠬᠡᠪᠴᠢᠶᠡᠨ ᠳᠤ ᠤᠷᠤᠰᠢᠵᠤ ᠪᠠᠢ᠌ᠭ᠎ᠠ ᠠᠶᠤᠯ ᠲᠦ᠋ᠭ᠍ᠰᠢᠭᠦᠷᠢ ᠶᠢᠨ ᠴᠡᠭ᠌ ᠢ ᠪᠦᠬᠦ ᠲᠠᠯ᠎ᠠ ᠪᠠᠷ ᠵᠢᠭᠰᠠᠭᠠᠨ ᠪᠠᠢ᠌ᠴᠠᠭᠠᠵᠤ᠂ ᠬᠠᠦᠯᠢ ᠶᠤᠰᠤᠭᠠᠷ ᠴᠡᠭ᠍ᠴᠡᠯᠡᠨ ᠵᠠᠰᠠᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦ᠋ᠪᠰᠢᠨ ᠤ ᠬᠠᠮᠢᠶᠠᠷᠤᠯᠳ᠋ᠠ ᠶᠢ ᠪᠦᠬᠦ ᠬᠦᠴᠦᠨ ᠶᠢᠡᠷ ᠶᠢᠡᠨ ᠰᠠᠢ᠌ᠳ᠋ᠤᠷ ᠬᠢᠬᠦ ᠶᠢ ᠴᠢᠩᠭ᠎ᠠ ᠠᠳᠬᠤᠨ᠂ ᠢᠳ᠋ᠡᠭᠡᠨ ᠪᠠ ᠡᠮ ᠤᠨ ᠵᠦ᠋ᠢᠯ ᠤᠨ ᠠᠶᠤᠯᠬᠦᠢ ᠶᠢᠨ ᠬᠢᠨᠠᠯᠳ᠋ᠠ ᠬᠠᠮᠢᠶᠠᠷᠤᠯᠳ᠋ᠠ ᠶᠢᠨ ᠠᠵᠢᠯ ᠢ ᠴᠢᠩᠭ᠋ᠠᠳᠬᠠᠵᠤ᠂ ᠪᠤᠷᠤᠭᠠᠨ ᠤ ᠤᠯᠠᠷᠢᠯ ᠤᠨ ᠦᠶᠡᠷ ᠤᠰᠤᠳ᠋ᠤᠯ ᠢ ᠰᠡᠷᠭᠡᠢ᠌ᠯᠡᠬᠦ ᠠᠵᠢᠯ ᠢ ᠰᠠᠢ᠌ᠳ᠋ᠤᠷ ᠬᠢᠬᠦ ᠬᠡᠷᠡᠭ᠍ᠳ᠋ᠠᠢ ᠭᠡᠵᠦ ᠱᠠᠭᠠᠷᠳ᠋ᠠᠵᠠᠢ᠃
ᠡᠦ ᠴᠢᠩ ᠬᠠᠢ᠂ ᠪᠠᠶᠠᠷᠳ᠋ᠤᠬᠤᠰᠢᠭᠤ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠤᠷᠳ᠋ᠤᠨ《ᠪᠢ ᠤᠯᠠᠨ ᠲᠦ᠋ᠮᠡᠨ ᠳᠤ ᠪᠤᠳ᠋ᠠᠳ᠋ᠤ ᠶᠠᠪᠤᠳ᠋ᠠᠯ ᠬᠢᠵᠦ ᠦᠭᠬᠦ》ᠵᠢ ᠨᠠᠮ ᠤᠨ ᠲᠡᠦᠬᠡ ᠶᠢᠨ ᠰᠤᠷᠤᠯᠴᠠᠯᠭ᠎ᠠ ᠶᠢᠨ ᠦᠨᠳ᠋ᠦᠰᠦᠨ ᠵᠤᠭᠰᠤᠴᠠ ᠪᠤᠯᠭᠠᠵᠤ᠂ ᠪᠦᠬᠦ ᠪᠠᠯᠭᠠᠰᠤᠨ ᠤ ᠠᠷᠠᠳ ᠲᠦ᠋ᠮᠡᠨ ᠳᠤ ᠠᠮᠤᠷ ᠲᠦ᠋ᠪᠰᠢᠨ᠂ ᠠᠮᠤᠷ ᠲᠤᠭᠳ᠋ᠠᠭᠤᠨ ᠠᠮᠢᠳ᠋ᠤᠷᠠᠯ ᠤᠨ ᠤᠷᠴᠢᠨ ᠲᠤᠭᠤᠷᠢᠨ ᠢ ᠪᠤᠢ ᠪᠤᠯᠭᠠᠵᠤ᠂ ᠤᠯᠠᠨ ᠲᠦ᠋ᠮᠡᠨ ᠤ ᠠᠰᠢᠭ ᠲᠤᠰᠠ ᠡᠴᠡ ᠡᠭᠦᠰᠦᠨ᠂ ᠤᠳ᠋ᠤᠬᠠᠨ ᠤ ᠡᠯ᠎ᠠ ᠵᠦ᠋ᠢᠯ ᠤᠨ ᠭᠤᠤᠯᠳ᠋ᠠᠯᠭ᠎ᠠ ᠲᠡᠶ ᠠᠵᠢᠯ ᠢ ᠨᠢᠭᠡᠳ᠋ᠦᠯᠳ᠋ᠠᠢ ᠲᠦ᠋ᠯᠦᠪᠵᠢᠭᠦᠯᠦᠨ ᠠᠬᠢᠭᠤᠯᠵᠤ᠂ ᠰᠢᠯᠢᠳ᠋ᠡᠭ᠌ ᠬᠢᠷᠢ ᠪᠦᠳ᠋ᠦᠮᠵᠢ ᠪᠠᠷ ᠲᠤᠮᠳ᠋ᠠᠳ᠋ᠤ ᠤᠯᠤᠰ ᠤᠨ ᠡᠪ ᠬᠠᠮᠳ᠋ᠤ ᠨᠠᠮ ᠪᠠᠢ᠌ᠭᠤᠯᠤᠭᠳ᠋ᠠᠭᠰᠠᠨ 100 ᠵᠢᠯ ᠤᠨ ᠤᠢ ᠶᠢ ᠪᠡᠯᠭᠡᠯᠡᠬᠦ ᠬᠡᠷᠡᠭ᠍ᠳ᠋ᠠᠢ ᠭᠡᠵᠦ ᠱᠠᠭᠠᠷᠳ᠋ᠠᠪᠠ᠃ (ᠯᠸᠢ ᠫᠠᠩ)