ᠤᠳᠤ ᠶᠢᠨ ᠪᠠᠢ᠌ᠷᠢ᠄ ᠨᠠᠮ ᠤᠨ ᠪᠦᠳᠤᠭᠡᠨ ᠪᠠᠢ᠌ᠭᠤᠯᠤᠯᠳᠠ ᠶᠢᠨ ᠠᠵᠢᠯ → ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ᠁
ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠠᠵᠢᠯ ᠡᠴᠡ ᠪᠠᠨ ᠠᠮᠠᠷᠠᠭᠰᠠᠨ ᠠᠬᠠᠮᠠᠳ ᠺᠠᠳ᠋ᠷᠴᠤᠳ ᠢ ᠪᠤᠯᠭᠤᠭᠠᠨ ᠲᠤᠬᠤᠨᠢᠭᠤᠯᠪᠠ



              《7· 1》᠊ᠦ ᠡᠳ᠋ᠦᠷ ᠬᠦᠷᠴᠦ ᠢᠷᠡᠬᠦ ᠲᠠᠰᠢᠷᠠᠮ ᠶᠢᠡᠷ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠡᠭᠦᠷ ᠡᠴᠡ ᠠᠵᠢᠯ ᠡᠴᠡ ᠪᠠᠨ ᠠᠮᠠᠷᠠᠭᠰᠠᠨ ᠠᠬᠠᠮᠠᠳ ᠺᠠᠳ᠋ᠷ ᠳ᠋ᠠᠮᠪᠠᠷᠢᠨᠴᠢᠨ ᠢ ᠪᠤᠯᠭᠤᠭᠠᠨ ᠲᠤᠬᠤᠨᠢᠭᠤᠯᠵᠤ᠂ ᠠᠬᠠᠮᠠᠳ ᠨᠠᠮ ᠤᠨ ᠭᠡᠰᠢᠭᠦᠨ ᠳᠤ ᠪᠠᠶᠠᠷ ᠤᠨ ᠡᠳ᠋ᠦᠷ ᠤᠨ ᠵᠦ᠋ᠩᠨᠡᠯ ᠪᠠ ᠴᠢᠩ ᠰᠡᠳᠭᠢᠯ ᠤᠨ ᠮᠡᠨᠳ᠋ᠦᠴᠢᠯᠡᠯ ᠲᠡᠪᠰᠢᠭᠦᠯᠦᠭ᠍ᠰᠡᠨ ᠪᠦᠭᠡᠳ《ᠨᠠᠮ ᠪᠠᠢ᠌ᠭᠤᠯᠤᠭᠳ᠋ᠠᠭᠰᠠᠨ 100 ᠵᠢᠯ ᠤᠨ ᠤᠢ ᠶᠢ ᠪᠡᠯᠭᠡᠯᠡᠬᠦ》ᠲᠤᠷᠠᠰᠬᠠᠯ ᠤᠨ ᠪᠤᠳ᠋ᠠᠰ ᠬᠦᠷᠭᠡᠪᠡ᠃

       
              91 ᠨᠠᠰᠤᠳ᠋ᠠᠢ ᠠᠬᠠᠮᠠᠳ ᠨᠠᠮ ᠤᠨ ᠭᠡᠰᠢᠭᠦᠨ ᠳ᠋ᠠᠮᠪᠠᠷᠢᠨᠴᠢᠨ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠡᠭᠦᠷ ᠤᠨ 6 ᠨᠠᠮ ᠤᠨ ᠭᠡᠰᠢᠭᠦᠨ ᠤ ᠪᠠᠷ᠎ᠠ ᠪᠤᠯᠤᠯᠭ᠎ᠠ ᠲᠤᠤᠷ᠎ᠠ᠂ ᠨᠠᠮ ᠳᠤ ᠤᠷᠤᠬᠤ ᠲᠠᠩᠭ᠋ᠠᠷᠢᠭ ᠤᠨ ᠦᠭᠡ ᠶᠢ ᠲᠠᠬᠢᠨ ᠡᠷᠭᠢᠴᠡᠭᠦᠯᠵᠦ᠂ ᠬᠡᠳ᠋ᠦᠨ ᠠᠷᠪᠠᠨ ᠵᠢᠯ ᠤᠨ ᠡᠮᠦᠨᠡᠬᠢ ᠲᠡᠷᠡ ᠬᠦ ᠴᠤᠭ ᠪᠠᠳ᠋ᠠᠷᠠᠩᠭ᠋ᠤᠢ ᠵᠠᠯᠠᠭᠤ ᠴᠠᠭ ᠦᠶ᠎ᠠ ᠳᠡᠭᠡᠨ ᠪᠤᠴᠠᠭᠰᠠᠨ ᠮᠡᠳ᠋ᠦ ᠰᠡᠳᠭᠢᠯ ᠲᠤᠭᠳ᠋ᠤᠯᠵᠤ ᠪᠠᠢ᠌ᠯ᠎ᠠ᠃

       
              ᠲᠤᠰ ᠤᠳ᠋ᠠᠭᠠᠨ ᠤ ᠪᠤᠯᠭᠤᠭᠠᠨ ᠲᠤᠬᠤᠨᠢᠭᠤᠯᠬᠤ ᠠᠵᠢᠯᠯᠠᠭ᠎ᠠ ᠪᠠᠷ ᠲᠠᠮᠵᠢᠨ᠂ ᠠᠵᠢᠯ ᠡᠴᠡ ᠪᠠᠨ ᠠᠮᠠᠷᠠᠭᠰᠠᠨ ᠠᠬᠠᠮᠠᠳ ᠨᠠᠮ ᠤᠨ ᠭᠡᠰᠢᠭᠦᠨ ᠳᠤ ᠵᠤᠬᠢᠶᠠᠨ ᠪᠠᠢ᠌ᠭᠤᠯᠤᠯᠳ᠋ᠠ ᠶᠢᠨ ᠬᠠᠢ᠌ᠷ᠎ᠠ ᠬᠠᠯᠠᠮᠵᠢ ᠶᠢ ᠦᠨᠡᠨ ᠬᠦ ᠤᠢ᠌ᠯᠠᠭᠠᠭᠤᠯᠵᠤ᠂ ᠨᠠᠮ ᠤᠨ ᠵᠤᠬᠢᠶᠠᠨ ᠪᠠᠢ᠌ᠭᠤᠯᠤᠯᠳ᠋ᠠ ᠶᠢᠨ ᠨᠢᠭᠳ᠋ᠠᠷᠠᠯ ᠤᠨ ᠬᠦᠴᠦᠨ ᠪᠠ ᠲᠠᠳ᠋ᠠᠬᠤ ᠬᠦᠴᠦᠨ ᠢ ᠤᠯᠠᠮ ᠨᠢᠭᠡ ᠠᠯᠬᠤᠮ ᠴᠢᠩᠭ᠋ᠠᠷᠠᠭᠤᠯᠤᠨ᠂ ᠨᠠᠮ ᠤᠨ ᠵᠤᠬᠢᠶᠠᠨ ᠪᠠᠢ᠌ᠭᠤᠯᠤᠯᠳ᠋ᠠ ᠶᠢᠨ ᠬᠦᠮᠦᠰ ᠤᠨ ᠰᠡᠳᠭᠢᠯ ᠢ ᠨᠢᠭᠳ᠋ᠠᠷᠠᠭᠤᠯᠬᠤ᠂ ᠡᠶ᠎ᠠ ᠵᠤᠬᠢᠴᠡᠯ ᠢ ᠠᠬᠢᠭᠤᠯᠬᠤ ᠴᠢᠬᠤᠯᠠ ᠦᠢᠯᠡᠳ᠋ᠦᠯ ᠢ ᠬᠦᠢᠴᠡᠳ ᠪᠠᠳ᠋ᠠᠷᠠᠭᠤᠯᠪᠠ᠃(ᠯᠸᠢ ᠫᠠᠩ)

ᠡᠮᠦᠨᠡᠬᠢ᠄ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢᠯ ᠤᠨ《ᠵᠠᠭᠤᠨ ᠬᠤᠷᠢᠶᠠᠨ ᠤ ᠶᠡᠬᠡ ᠪᠠᠢ᠌ᠯᠳ᠋ᠤᠭᠠᠨ》ᠭᠡᠬᠦ ᠺᠢᠨᠤ᠋ ᠶᠢ ᠦᠵᠡᠪᠡ
ᠳᠠᠷᠠᠭᠠᠬᠢ᠄ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠨᠠᠮ ᠤᠨ ᠪᠠᠢ᠌ᠭᠤᠯᠤᠯᠳ᠋ᠠ ᠵᠢᠴᠢ ᠨᠠᠮ ᠤᠨ ᠰᠤᠷᠳ᠋ᠠᠯ ᠴᠢᠭᠡᠴᠢ ᠵᠠᠰᠠᠭ ᠤᠨ ᠪᠠᠢ᠌ᠭᠤᠯᠤᠯᠳ᠋ᠠ ᠶᠢᠨ ᠠᠵᠢᠯ ᠤᠨ ᠬᠤᠷᠠᠯ ᠬᠤᠷᠠᠯᠳ᠋ᠤᠭᠤᠯᠪᠠ