ᠵᠠᠷᠤᠳ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ《ᠲᠠᠪᠤᠨ ᠱᠠᠳ᠋ᠤᠨ》᠊ᠦ ᠠᠷᠠᠳ ᠤᠨ ᠲᠦ᠋ᠯᠦᠭᠡᠯᠡᠭ᠍ᠴᠢ ᠵᠢᠨ ᠮᠡᠳ᠋ᠡᠯᠭᠡ ᠶᠢᠨ ᠤᠷᠤᠯᠳ᠋ᠤᠭᠠᠨ ᠶᠠᠪᠤᠭᠤᠯᠪᠠ


6 ᠰᠠᠷ᠎ᠠ ᠶᠢᠨ 23᠊ᠦ ᠡᠳ᠋ᠦᠷ ᠡᠴᠡ 25᠊ᠦ ᠡᠳ᠋ᠦᠷ ᠪᠤᠯᠳ᠋ᠠᠯ᠎ᠠ᠂ ᠵᠠᠷᠤᠳ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ《ᠡᠷᠡᠮᠡᠬᠡᠢ ᠵᠠᠭᠤᠨ ᠵᠢᠯ᠂ ᠰᠢᠭᠤᠷᠬᠠᠢ ᠰᠢᠨ᠎ᠠ ᠠᠶᠠᠨ》ᠭᠡᠬᠦ ᠭᠤᠤᠯ ᠰᠡᠳ᠋ᠦᠪ ᠶᠢᠡᠷ《ᠲᠠᠪᠤᠨ ᠱᠠᠳ᠋ᠤᠨ》᠊ᠦ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠲᠦ᠋ᠯᠦᠭᠡᠯᠡᠭ᠍ᠴᠢ ᠶᠢᠨ ᠨᠠᠮ ᠤᠨ ᠲᠡᠦᠬᠡ ᠶᠢᠨ ᠮᠡᠳ᠋ᠡᠯᠭᠡ᠂《ᠦᠪᠦᠷ ᠮᠤᠩᠭ᠋ᠤᠯ ᠤᠨ ᠦᠪᠡᠷᠳ᠋ᠡᠭᠡᠨ ᠵᠠᠰᠠᠬᠤ ᠤᠷᠤᠨ ᠤ ᠦᠨᠳ᠋ᠦᠰᠦᠳ᠋ᠡᠨ ᠤ ᠪᠦᠯᠬᠦᠮᠳ᠋ᠡᠯ ᠲᠠᠪᠰᠢᠯᠳ᠋ᠡ ᠶᠢ ᠠᠬᠢᠭᠤᠯᠬᠤ ᠲᠦ᠋ᠷᠢᠮ》᠂ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠲᠤᠬᠠᠢ᠌ᠯᠠᠭᠰᠠᠨ ᠠᠵᠢᠯ ᠤᠨ ᠮᠡᠳ᠋ᠡᠯᠭᠡ ᠶᠢᠨ ᠤᠷᠤᠯᠳ᠋ᠤᠭᠠᠨ ᠶᠠᠪᠤᠭᠤᠯᠪᠠ᠃ ᠵᠠᠷᠤᠳ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠡᠳ᠋ ᠡᠷᠬᠢᠯᠡᠭ᠍ᠴᠢ ᠪᠥ᠋ ᠮᠤᠤ ᠰᠢᠶᠠᠩ᠂ ᠦᠷᠡᠪᠠᠳ᠋ᠤ᠂ ᠰᠦ᠋ᠩ ᠯᠢᠶᠠᠨ ᠡᠾᠦ᠋ᠢ ᠵᠢᠴᠢ ᠪᠠᠢ᠌ᠩᠭ᠋ᠤ ᠶᠢᠨ ᠬᠤᠷᠢᠶᠠᠨ ᠤ ᠨᠠᠷᠢᠨ ᠪᠢᠴᠢᠭ᠌ ᠤᠨ ᠲᠠᠷᠤᠭ᠎ᠠ᠂ ᠪᠠᠢ᠌ᠭᠤᠯᠭ᠎ᠠ ᠶᠢᠨ ᠨᠠᠮ ᠤᠨ ᠤᠳ᠋ᠤᠷᠢᠳᠬᠤ ᠲᠤᠭᠤᠢ᠌ᠯᠠᠩ ᠤᠨ ᠱᠦ᠋ᠵᠢ ᠯᠢ ᠴᠸᠩ ᠭᠦᠸᠸ ᠬᠦᠳ᠋ᠡᠯᠭᠡᠭᠡᠨ ᠳ᠋ᠥ ᠤᠷᠤᠯᠴᠠᠪᠠ᠃




ᠲᠤᠰ ᠤᠳ᠋ᠠᠭᠠᠨ ᠤ ᠮᠡᠳ᠋ᠡᠯᠭᠡ ᠶᠢᠨ ᠤᠷᠤᠯᠳ᠋ᠤᠭᠠᠨ ᠳᠤ᠂ ᠪᠦᠬᠦ ᠬᠤᠰᠢᠭᠤᠨ ᠤ ᠡᠯ᠎ᠠ ᠰᠤᠮᠤ ᠪᠠᠯᠭᠠᠰᠤ ᠲᠠᠯᠠᠪᠠᠢ (ᠯᠦ᠋ᠪᠸᠢ ᠵᠡᠭᠡᠯᠢ ᠭᠤᠳ᠋ᠤᠮᠵᠢ)ᠡᠴᠡ ᠢᠷᠡᠭ᠍ᠰᠡᠨ 16 ᠲᠦ᠋ᠯᠦᠭᠡᠯᠡᠭ᠍ᠴᠢᠳ ᠤᠨ ᠪᠦᠯᠭᠦᠮ ᠤᠨ 48 ᠨᠡᠷᠡᠰ ᠠᠷᠠᠳ ᠤᠨ ᠲᠦ᠋ᠯᠦᠭᠡᠯᠡᠭ᠍ᠴᠢ ᠤᠷᠤᠯᠳ᠋ᠤᠭᠠᠨ ᠳᠤ ᠤᠷᠤᠯᠴᠠᠪᠠ᠃ ᠠᠩᠬᠠᠨ ᠤ ᠤᠷᠤᠯᠳ᠋ᠤᠭᠠᠨ ᠶᠢᠡᠷ ᠲᠠᠮᠵᠢᠨ᠂ 6 ᠲᠦ᠋ᠯᠦᠭᠡᠯᠡᠭ᠍ᠴᠢᠳ ᠤᠨ ᠪᠦᠯᠬᠦᠮ ᠴᠤᠯᠭᠤᠷᠠᠨ ᠭᠠᠷᠴᠤ ᠰᠢ᠌ᠳᠪᠦᠷᠢᠳ᠋ᠦ ᠤᠷᠤᠯᠳ᠋ᠤᠭᠠᠨ ᠳᠤ ᠤᠷᠤᠪᠠ᠃ ᠰᠢ᠌ᠳᠪᠦᠷᠢᠳ᠋ᠦ ᠤᠷᠤᠯᠳ᠋ᠤᠭᠠᠨ ᠨᠢ ᠬᠤᠪᠢ ᠬᠦᠮᠦᠨ ᠤ ᠵᠠᠪᠠᠯ ᠬᠠᠷᠢᠭᠤᠯᠬᠤ ᠰᠡᠳ᠋ᠦᠪ᠂ ᠲᠤᠭᠤᠢ᠌ᠯᠠᠩ ᠤᠨ ᠵᠠᠪᠠᠯ ᠬᠠᠷᠢᠭᠤᠯᠬᠤ ᠰᠡᠳ᠋ᠦᠪ᠂ ᠵᠠᠪᠳ᠋ᠤᠨ ᠬᠠᠷᠢᠭᠤᠯᠬᠤ ᠰᠡᠳ᠋ᠦᠪ᠂ ᠠᠶᠤᠯ ᠲᠦ᠋ᠭ᠍ᠰᠢᠭᠦᠷᠢᠳ᠋ᠦ ᠰᠡᠳ᠋ᠦᠪ ᠵᠡᠷᠭᠡ ᠲᠤᠷᠪᠠᠨ ᠭᠤᠭᠴᠤᠭ᠎ᠠ ᠪᠠᠷ ᠪᠦᠷᠢᠯᠳ᠋ᠦᠵᠦ᠂ ᠬᠠᠮᠤᠭ ᠡᠴᠦᠰ ᠲᠤ᠂ ᠴᠢᠪᠠᠭᠠᠳ᠋ᠤ ᠰᠤᠮᠤ ᠶᠢᠨ ᠠᠷᠠᠳ ᠤᠨ ᠲᠦ᠋ᠯᠦᠭᠡᠯᠡᠭ᠍ᠴᠢ ᠶᠢᠨ ᠪᠦᠯᠬᠦᠮ ᠨᠢᠭᠡᠳ᠋ᠦᠭᠡᠷ ᠨᠡᠷᠡᠰ ᠳ᠋ᠦ ᠲᠤᠳ᠋ᠤᠷᠠᠵᠤ᠂ ᠰᠢᠶᠠᠩᠱᠠᠨ ᠪᠠᠯᠭᠠᠰᠤ᠂ ᠦᠯᠵᠡᠢ᠌ᠮᠦ᠋ᠷᠡᠨ ᠰᠤᠮᠤ ᠶᠢᠨ ᠠᠷᠠᠳ ᠤᠨ ᠲᠦ᠋ᠯᠦᠭᠡᠯᠡᠭ᠍ᠴᠢ ᠶᠢᠨ ᠪᠦᠯᠬᠦᠮ ᠬᠤᠶᠠᠳ᠋ᠤᠭᠠᠷ ᠨᠡᠷᠡᠰ ᠲᠤ ᠲᠤᠳ᠋ᠤᠷᠠᠨ᠂ ᠯᠦ᠋ᠪᠸᠢ ᠵᠡᠭᠡᠯᠢ ᠭᠤᠳ᠋ᠤᠮᠵᠢ᠂ ᠦᠨᠡᠭᠡᠴᠢ ᠰᠤᠮᠤ ᠶᠢᠨ ᠠᠷᠠᠳ ᠤᠨ ᠲᠦ᠋ᠯᠦᠭᠡᠯᠡᠭ᠍ᠴᠢ ᠶᠢᠨ ᠪᠦᠯᠬᠦᠮ ᠭᠤᠷᠪᠠᠳ᠋ᠤᠭᠠᠷ ᠨᠡᠷᠡᠰ ᠲᠤ ᠲᠤᠳ᠋ᠤᠷᠠᠪᠠ᠃

ᠲᠤᠰ ᠤᠳ᠋ᠠᠭᠠᠨ ᠤ ᠮᠡᠳ᠋ᠡᠯᠭᠡ ᠶᠢᠨ ᠤᠷᠤᠯᠳ᠋ᠤᠭᠠᠨ ᠨᠢ ᠮᠡᠳ᠋ᠡᠯᠭᠡ ᠶᠢᠨ ᠴᠢᠨᠠᠷ᠂ ᠰᠤᠷᠭᠠᠨ ᠬᠦᠮᠦᠵᠢᠭᠦᠯᠬᠦ ᠴᠢᠨᠠᠷ᠂ ᠰᠤᠨᠢᠷᠬᠠᠯᠳ᠋ᠤ ᠴᠢᠨᠠᠷ ᠢ ᠨᠢᠭᠡ ᠴᠤᠭᠴᠠᠵᠢᠯᠠᠵᠤ᠂ ᠠᠷᠠᠳ ᠤᠨ ᠲᠦ᠋ᠯᠦᠭᠡᠯᠡᠭ᠍ᠴᠢ ᠶᠢᠨ ᠨᠠᠮ ᠤᠨ ᠦᠵᠡᠯ ᠰᠠᠨᠠᠭᠠᠨ ᠤ ᠤᠨᠤᠯ᠂ ᠲᠡᠦᠬᠡ ᠶᠢᠨ ᠲᠤᠷᠰᠢᠯᠭ᠎ᠠ ᠶᠢᠨ ᠤᠢ᠌ᠯᠠᠭᠠᠯᠳ᠋ᠠ ᠶᠢ ᠤᠯᠠᠮ ᠨᠢᠭᠡ ᠠᠯᠬᠤᠮ ᠭᠦᠨᠵᠡᠭᠡᠢ᠌ᠷᠡᠭᠦᠯᠵᠦ᠂ ᠡᠯ᠎ᠠ ᠲᠤᠬᠠᠢ᠌ᠯᠠᠭᠰᠠᠨ ᠠᠵᠢᠯ ᠤᠨ ᠮᠡᠳ᠋ᠡᠯᠭᠡ᠂ ᠦᠨᠳ᠋ᠦᠰᠦᠳ᠋ᠡᠨ ᠤ ᠪᠦᠯᠬᠦᠮᠳ᠋ᠡᠯ ᠲᠠᠪᠰᠢᠯᠳ᠋ᠡ ᠶᠢᠨ ᠲᠦ᠋ᠷᠢᠮ ᠤᠨ ᠰᠤᠷᠤᠯᠴᠠᠯᠭ᠎ᠠ ᠶᠢ ᠴᠢᠩᠭ᠋ᠠᠳᠬᠠᠨ᠂ ᠪᠦᠬᠦ ᠬᠤᠰᠢᠭᠤᠨ ᠤ ᠡᠯ᠎ᠠ ᠱᠠᠳ᠋ᠤᠨ ᠤ ᠠᠷᠠᠳ ᠤᠨ ᠲᠦ᠋ᠯᠦᠭᠡᠯᠡᠭ᠍ᠴᠢ ᠪᠤᠯᠤᠨ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠭᠡᠰᠢᠭᠦᠨ ᠺᠠᠳ᠋ᠷᠴᠤᠳ ᠤᠨ ᠵᠠᠭᠤᠨ ᠵᠢᠯ ᠤᠨ ᠨᠠᠮ ᠤᠨ ᠲᠡᠦᠬᠡ ᠶᠢ ᠰᠠᠢ᠌ᠳ᠋ᠤᠷ ᠰᠤᠷᠤᠯᠴᠠᠵᠤ᠂ ᠬᠤᠪᠢᠰᠬᠠᠯ ᠤᠨ ᠤᠯᠠᠮᠵᠢᠯᠡᠯ ᠢ ᠤᠯᠠᠮᠵᠢᠯᠡᠨ ᠵᠠᠯᠭᠠᠮᠵᠢᠯᠠᠬᠤ᠂ ᠡᠷᠡᠯᠬᠡᠭᠯᠡᠨ ᠤᠷᠤᠭᠰᠢᠯᠠᠬᠤ ᠬᠦᠴᠦᠨ ᠢ ᠨᠢᠭᠳ᠋ᠠᠷᠠᠭᠤᠯᠬᠤ ᠶᠢ ᠬᠦᠳ᠋ᠦᠯᠦᠨ ᠵᠢᠯᠤᠭᠤᠳᠴᠦ᠂ ᠨᠡᠩ ᠴᠤᠭ ᠪᠠᠳ᠋ᠠᠷᠠᠩᠭ᠋ᠤᠢ ᠤᠪᠤᠷ ᠶᠢᠡᠷ ᠬᠠᠦᠯᠢ ᠶᠤᠰᠤᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠨ᠂ ᠬᠠᠷᠢᠭᠤᠴᠠᠯᠭ᠎ᠠ ᠡᠭᠦᠷᠭᠡᠯᠡᠨ ᠵᠢᠳᠭᠦᠯ ᠴᠢᠷᠮᠠᠢ᠌ᠯᠭ᠎ᠠ ᠭᠠᠷᠭᠠᠵᠤ᠂ ᠪᠦᠬᠦ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠠᠵᠢᠯ ᠢ ᠰᠢᠨ᠎ᠠ ᠲᠡᠭ᠍ᠳ᠋ᠡᠷ ᠲᠤ ᠭᠠᠷᠭᠠᠬᠤ ᠶᠢ ᠲᠦ᠋ᠯᠬᠢᠨ ᠠᠬᠢᠭᠤᠯᠪᠠ᠃ (ᠯᠸᠢ ᠫᠠᠩ)