ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠨᠠᠮ ᠤᠨ ᠪᠠᠢ᠌ᠭᠤᠯᠤᠯᠳ᠋ᠠ ᠵᠢᠴᠢ ᠨᠠᠮ ᠤᠨ ᠰᠤᠷᠳ᠋ᠠᠯ ᠴᠢᠭᠡᠴᠢ ᠵᠠᠰᠠᠭ ᠤᠨ ᠪᠠᠢ᠌ᠭᠤᠯᠤᠯᠳ᠋ᠠ ᠶᠢᠨ ᠠᠵᠢᠯ ᠤᠨ ᠬᠤᠷᠠᠯ ᠬᠤᠷᠠᠯᠳ᠋ᠤᠭᠤᠯᠪᠠ

6 ᠰᠠᠷ᠎ᠠ ᠶᠢᠨ 29᠊ᠦ ᠡᠳ᠋ᠦᠷ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠨᠠᠮ ᠤᠨ ᠪᠠᠢ᠌ᠭᠤᠯᠤᠯᠳ᠋ᠠ ᠵᠢᠴᠢ ᠨᠠᠮ ᠤᠨ ᠰᠤᠷᠳ᠋ᠠᠯ ᠴᠢᠭᠡᠴᠢ ᠵᠠᠰᠠᠭ ᠤᠨ ᠪᠠᠢ᠌ᠭᠤᠯᠤᠯᠳ᠋ᠠ ᠶᠢᠨ ᠠᠵᠢᠯ ᠤᠨ ᠬᠤᠷᠠᠯ ᠬᠤᠷᠠᠯᠳ᠋ᠤᠭᠤᠯᠵᠤ᠂ ᠪᠠᠢ᠌ᠭᠤᠯᠭ᠎ᠠ ᠶᠢᠨ ᠨᠠᠮ ᠤᠨ ᠪᠠᠢ᠌ᠭᠤᠯᠤᠯᠳ᠋ᠠ ᠪᠠ ᠨᠠᠮ ᠤᠨ ᠰᠤᠷᠳ᠋ᠠᠯ ᠴᠢᠭᠡᠴᠢ ᠵᠠᠰᠠᠭ ᠤᠨ ᠪᠠᠢ᠌ᠭᠤᠯᠤᠯᠳ᠋ᠠ ᠶᠢᠨ ᠠᠵᠢᠯ ᠢ ᠲᠤᠬᠢᠷᠠᠭᠤᠯᠤᠨ ᠪᠠᠢ᠌ᠷᠢᠯᠠᠭᠤᠯᠵᠤ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠤᠳ᠋ᠤᠷᠢᠳᠬᠤ ᠲᠤᠭᠤᠢ᠌ᠯᠠᠩ ᠤᠨ ᠱᠦ᠋ᠵᠢ ᠯᠢ ᠴᠸᠩ ᠭᠦᠸᠸ ᠬᠤᠷᠠᠯ ᠳᠤ ᠤᠷᠤᠯᠴᠠᠭᠰᠠᠨ ᠪᠦᠭᠡᠳ ᠶᠠᠷᠢᠶ᠎ᠠ ᠲᠠᠯᠪᠢᠵᠤ᠂ ᠬᠤᠷᠠᠯ ᠢ ᠪᠠᠢ᠌ᠭᠤᠯᠭ᠎ᠠ ᠶᠢᠨ ᠨᠠᠮ ᠤᠨ ᠤᠳ᠋ᠤᠷᠢᠳᠬᠤ ᠲᠤᠭᠤᠢ᠌ᠯᠠᠩ ᠤᠨ ᠲᠡᠳ᠋ ᠱᠦ᠋ᠵᠢ ᠵᠠᠩ ᠯᠢ ᠡᠷᠬᠢᠯᠡᠪᠡ᠃

ᠯᠢ ᠴᠸᠩ ᠭᠦᠸᠸ ᠡᠴᠡ᠂ ᠦᠩᠭᠡᠷᠡᠭ᠍ᠰᠡᠨ ᠨᠢᠭᠡ ᠵᠢᠯ ᠳᠤ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠨᠠᠮ ᠤᠨ ᠤᠳ᠋ᠤᠷᠢᠳᠬᠤ ᠲᠤᠭᠤᠢ᠌ᠯᠠᠩ ᠤᠨ ᠵᠦ᠋ᠪ ᠤᠨᠤᠪᠴᠢᠳ᠋ᠠᠢ ᠤᠳ᠋ᠤᠷᠢᠳ᠋ᠤᠯᠭ᠎ᠠ ᠲᠤᠤᠷ᠎ᠠ᠂ ᠪᠠᠢ᠌ᠭᠤᠯᠭ᠎ᠠ ᠶᠢᠨ ᠨᠠᠮ ᠤᠨ ᠤᠳ᠋ᠤᠷᠢᠳᠬᠤ ᠲᠤᠭᠤᠢ᠌ᠯᠠᠩ᠂ ᠪᠠᠢ᠌ᠭᠤᠯᠭ᠎ᠠ ᠶᠢᠨ ᠨᠠᠮ ᠤᠨ ᠡᠭᠦᠷ ᠤᠨ ᠨᠠᠮ ᠤᠨ ᠪᠠᠢ᠌ᠭᠤᠯᠤᠯᠳ᠋ᠠ ᠪᠠ ᠨᠠᠮ ᠤᠨ ᠰᠤᠷᠳ᠋ᠠᠯ ᠴᠢᠭᠡᠴᠢ ᠵᠠᠰᠠᠭ ᠤᠨ ᠪᠠᠢ᠌ᠭᠤᠯᠤᠯᠳ᠋ᠠ ᠶᠢᠨ ᠠᠵᠢᠯ ᠰᠢᠨ᠎ᠠ ᠠᠬᠢᠴᠡ ᠰᠢᠨ᠎ᠠ ᠦᠷ᠎ᠠ ᠪᠦᠳ᠋ᠦᠮᠵᠢ ᠤᠯᠪᠠ ᠭᠡᠵᠦ ᠵᠢᠭᠠᠵᠤ ᠭᠠᠷᠭᠠᠪᠠ᠃


ᠯᠢ ᠴᠸᠩ ᠭᠦᠸᠸ ᠡᠴᠡ᠂ ᠡᠨᠡ ᠵᠢᠯ ᠪᠤᠯ ᠨᠠᠮ ᠪᠠᠢ᠌ᠭᠤᠯᠤᠭᠳ᠋ᠠᠭᠰᠠᠨ 100 ᠵᠢᠯ ᠤᠨ ᠤᠢ ᠪᠠ《ᠠᠷᠪᠠᠨ ᠲᠦ᠋ᠷᠪᠡᠳ᠋ᠦᠭᠡᠷ ᠲᠠᠪᠤᠨ ᠵᠢᠯ》᠊ᠤᠨ ᠡᠬᠢᠯᠡᠯᠳ᠋ᠡ ᠶᠢᠨ ᠵᠢᠯ ᠪᠤᠯᠤᠨ᠎ᠠ᠂ ᠮᠦ᠋ᠨᠴᠦ ᠨᠡᠢ᠌ᠭᠡᠮ ᠵᠢᠷᠤᠮᠳ᠋ᠤ ᠤᠳ᠋ᠤᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠠᠢ᠌ᠭᠤᠯᠬᠤ ᠰᠢᠨ᠎ᠠ ᠠᠶᠠᠨ ᠢ ᠡᠬᠢᠯᠡᠭᠦᠯᠦᠭ᠍ᠰᠡᠨ ᠵᠢᠯ ᠪᠠᠢ᠌ᠵᠤ᠂ ᠨᠠᠮ ᠪᠠᠢ᠌ᠭᠤᠯᠤᠭᠳ᠋ᠠᠭᠰᠠᠨ 100 ᠵᠢᠯ ᠤᠨ ᠤᠢ ᠶᠢ ᠪᠡᠯᠭᠡᠯᠡᠬᠦ ᠬᠤᠯᠪᠤᠭᠳ᠋ᠠᠯ ᠪᠦᠬᠦᠢ ᠠᠵᠢᠯ ᠢ ᠰᠠᠢ᠌ᠳ᠋ᠤᠷ ᠠᠳᠬᠤᠨ᠂ ᠨᠠᠮ ᠤᠨ ᠪᠠᠢ᠌ᠭᠤᠯᠤᠯᠳ᠋ᠠ ᠶᠢᠨ ᠠᠵᠢᠯ ᠢ ᠰᠠᠢ᠌ᠳ᠋ᠤᠷ ᠬᠢᠬᠦ ᠨᠢ ᠴᠢᠬᠤᠯᠠ ᠶᠡᠬᠡ ᠠᠴᠢ ᠬᠤᠯᠪᠤᠭᠳ᠋ᠠᠯ ᠲᠡᠶ ᠮᠦ᠋ᠷᠳ᠋ᠡᠭᠡᠨ ᠲᠦ᠋ᠢᠯ ᠤᠨ ᠴᠢᠬᠤᠯᠠ ᠶᠤᠮ᠃ ᠪᠠᠢ᠌ᠭᠤᠯᠭ᠎ᠠ ᠶᠢᠨ ᠨᠠᠮ ᠤᠨ ᠤᠳ᠋ᠤᠷᠢᠳᠬᠤ ᠲᠤᠭᠤᠢ᠌ᠯᠠᠩ ᠨᠠᠮ ᠤᠨ ᠪᠠᠢ᠌ᠭᠤᠯᠤᠯᠳ᠋ᠠ ᠪᠠᠷ ᠬᠦᠳ᠋ᠦᠯᠦᠨ ᠲᠠᠭᠠᠭᠤᠯᠬᠤ ᠶᠢ ᠴᠢᠩᠭ᠋ᠠᠳᠬᠠᠵᠤ᠂ ᠤᠯᠤᠰ ᠲᠦ᠋ᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠨ᠂ ᠵᠢᠱᠢᠶ᠎ᠠ ᠦᠵᠡᠭᠦᠯᠵᠦ ᠲᠠᠭᠠᠭᠤᠯᠬᠤ ᠦᠢᠯᠡᠳ᠋ᠦᠯ ᠶᠢᠡᠨ ᠪᠠᠳ᠋ᠠᠷᠠᠭᠤᠯᠵᠤ᠂ ᠨᠠᠮ ᠤᠨ ᠪᠠᠢ᠌ᠭᠤᠯᠤᠯᠳ᠋ᠠ ᠶᠢᠨ ᠬᠦᠴᠦᠨ ᠢ ᠤᠯᠠᠮ ᠨᠢᠭᠡ ᠠᠯᠬᠤᠮ ᠲᠡᠭᠦᠯᠳ᠋ᠡᠷᠵᠢᠭᠦᠯᠦᠨ᠂ ᠨᠠᠮ ᠤᠨ ᠲᠤᠳ᠋ᠤᠭᠠᠳ᠋ᠤ ᠶᠢᠨ ᠤᠯᠤᠰ ᠲᠦ᠋ᠷᠦ ᠶᠢᠨ ᠠᠮᠢᠳ᠋ᠤᠷᠠᠯ ᠢ ᠲᠦ᠋ᠪ ᠴᠢᠩᠭ᠎ᠠ ᠪᠤᠯᠭᠠᠵᠤ᠂ ᠲᠦ᠋ᠷᠢᠮ ᠲᠤᠭᠳ᠋ᠠᠴᠠ ᠶᠢ ᠪᠦᠷᠢᠨᠰᠢᠭᠦᠯᠦᠨ᠂ ᠲᠦ᠋ᠷᠢᠮ ᠤᠨ ᠨᠠᠢ᠌ᠳ᠋ᠠᠪᠤᠷᠢᠵᠢᠭᠤᠯᠤᠯᠳ᠋ᠠ ᠶᠢ ᠪᠠᠳ᠋ᠤᠯᠠᠵᠤ᠂ ᠨᠠᠮ ᠤᠨ ᠵᠤᠬᠢᠶᠠᠨ ᠪᠠᠢ᠌ᠭᠤᠯᠤᠯᠳ᠋ᠠ ᠶᠢᠨ ᠪᠦᠳ᠋ᠦᠭᠡᠯᠴᠢ ᠬᠦᠴᠦᠨ᠂ ᠨᠢᠭᠳ᠋ᠠᠷᠠᠯ ᠤᠨ ᠬᠦᠴᠦᠨ ᠪᠠ ᠪᠠᠢ᠌ᠯᠳ᠋ᠤᠬᠤ ᠬᠦᠴᠦᠨ ᠢ ᠲᠠᠰᠤᠷᠠᠯᠳ᠋ᠡ ᠦᠭᠡᠶ ᠴᠢᠩᠭ᠋ᠠᠳᠬᠠᠵᠤ᠂ ᠨᠠᠮ ᠤᠨ ᠤᠳ᠋ᠤᠷᠢᠳᠬᠤ ᠲᠤᠭᠤᠢ᠌ᠯᠠᠩ ᠤᠨ ᠭᠡᠰᠢᠭᠦᠨ《ᠨᠢᠭᠡ ᠠᠵᠢᠯ ᠤᠨ ᠪᠠᠢ᠌ᠷᠢ ᠬᠤᠶᠠᠷ ᠬᠠᠷᠢᠭᠤᠴᠠᠯᠭ᠎ᠠ》ᠵᠢ ᠴᠢᠩᠭ᠎ᠠ ᠨᠠᠢ᠌ᠳ᠋ᠠᠪᠤᠷᠢᠵᠢᠭᠤᠯᠤᠨ᠂ ᠲᠤᠬᠠᠢ᠌ᠯᠠᠭᠰᠠᠨ ᠠᠵᠢᠯ᠂ ᠨᠠᠮ ᠤᠨ ᠪᠠᠢ᠌ᠭᠤᠯᠤᠯᠳ᠋ᠠ᠂ ᠴᠢᠭᠡᠴᠢ ᠵᠠᠰᠠᠭ᠂ ᠡᠩᠨᠡᠭᠡ ᠶᠢ ᠬᠠᠮᠢᠶᠠᠷᠬᠤ ᠶᠢ ᠨᠢᠭᠡ ᠴᠤᠭᠴᠠᠵᠢᠭᠤᠯᠤᠨ ᠠᠬᠢᠭᠤᠯᠵᠤ᠂ ᠪᠦᠬᠦ ᠨᠠᠮ ᠤᠨ ᠭᠡᠰᠢᠭᠦᠨ ᠺᠠᠳ᠋ᠷᠴᠤᠳ ᠤᠨᠤᠯ ᠤᠨ ᠰᠤᠷᠤᠯᠴᠠᠯᠭ᠎ᠠ ᠪᠠᠨ ᠤᠯᠠᠮ ᠨᠢᠭᠡ ᠠᠯᠬᠤᠮ ᠴᠢᠩᠭ᠋ᠠᠳᠬᠠᠨ᠂ ᠨᠠᠮ ᠤᠨ ᠪᠠᠢ᠌ᠭᠤᠯᠤᠯᠳ᠋ᠠ ᠪᠤᠯᠤᠨ ᠨᠠᠮ ᠤᠨ ᠰᠤᠷᠳ᠋ᠠᠯ ᠴᠢᠭᠡᠴᠢ ᠵᠠᠰᠠᠭ ᠤᠨ ᠪᠠᠢ᠌ᠭᠤᠯᠤᠯᠳ᠋ᠠ ᠶᠢᠨ ᠠᠵᠢᠯ ᠢ ᠰᠠᠢ᠌ᠳ᠋ᠤᠷ ᠬᠢᠵᠦ᠂ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠶᠠᠰᠦ ᠴᠢᠨᠠᠷ ᠢ ᠲᠡᠭᠡᠭ᠍ᠰᠢᠯᠡᠭᠦᠯᠦᠨ᠂ ᠦᠷ᠎ᠠ ᠠᠰᠢᠭ ᠢ ᠨᠡᠮᠡᠭ᠍ᠳ᠋ᠡᠭᠦᠯᠬᠦ ᠶᠢ ᠬᠦᠳ᠋ᠦᠯᠦᠨ ᠠᠬᠢᠭᠤᠯᠵᠤ᠂ ᠰᠢᠯᠢᠳ᠋ᠡᠭ᠌ ᠠᠮᠵᠢᠯᠳ᠋ᠡ ᠪᠠᠷ ᠨᠠᠮ ᠪᠠᠢ᠌ᠭᠤᠯᠤᠭᠳ᠋ᠠᠭᠰᠠᠨ ᠵᠠᠭᠤᠨ ᠵᠢᠯ ᠤᠨ ᠤᠢ ᠶᠢ ᠪᠡᠯᠭᠡᠯᠡᠬᠦ ᠬᠡᠷᠡᠭ᠍ᠳ᠋ᠠᠢ ᠬᠡᠵᠦ ᠴᠢᠬᠤᠯᠠᠴᠢᠯᠠᠪᠠ᠃ (ᠯᠸᠢ ᠫᠠᠩ)